蒙古文网站Logo
ᠰᠢᠨᠬᠤᠸᠠ ᠮᠤᠩᠭ᠋ᠤᠯ ᠨᠧᠲ

2017 ᠤᠨ ᠤ ᠠᠰᠲ᠋ᠠᠨᠠ ᠶᠢᠨ ᠲᠡᠯᠡᠬᠡᠢ ᠶᠢᠨ ᠶᠠᠭᠠᠷᠠᠮᠠᠭ ᠤᠨ ᠦᠪᠦᠷ ᠮᠤᠩ᠋ᠭᠤᠯ ᠤᠨ ᠠᠵᠢᠯᠯᠠᠭ᠎ᠠ ᠶᠢᠨ ᠭᠠᠷᠠᠭ ᠡᠬᠢᠯᠡᠪᠡ

2017-08-24 16:46

    《ᠦᠵᠡᠰᠬᠦᠯᠡᠩᠲᠦ ᠰᠠᠶᠢᠬᠠᠨ ᠮᠢᠨᠦ ᠨᠤᠳᠤᠭ᠂ ᠦᠩᠭᠡ ᠶᠢᠨ ᠴᠡᠴᠡᠭ ᠰᠤᠯᠤᠩᠭ᠋ᠠᠷᠠᠨ᠎ᠠ ᠁᠂ ᠠᠰᠲ᠋ᠠᠨᠠ ᠶᠢᠨ ᠲᠡᠯᠡᠬᠡᠢ ᠶᠢᠨ ᠶᠠᠭᠠᠷᠠᠮᠠᠭ ᠤᠨ ᠲᠤᠮᠳᠠᠳᠤ ᠤᠯᠤᠰ ᠤᠨ ᠤᠷᠳᠤᠨ ᠳᠤ ᠬᠤᠷᠠᠨ ᠴᠣᠭᠯᠠᠷᠠᠭᠰᠠᠨ ᠡᠯ᠎ᠠ ᠤᠯᠤᠰ ᠤᠨ ᠦᠵᠡᠭᠴᠢᠳ ᠪᠠᠶᠠᠷ ᠪᠠᠶᠠᠰᠬᠤᠯᠠᠩᠳᠦ ᠠᠨᠳᠠᠢ ᠪᠦᠵᠢᠭ᠌᠂ ᠢᠷᠠᠭᠤ ᠰᠤᠨᠤᠰᠬᠤᠯᠠᠩ ᠮᠤᠩ᠋ᠭᠤᠯ ᠦᠨᠳᠦᠰᠦᠳᠡᠨ ᠤ ᠲᠠᠭᠤᠤ ᠬᠦᠭ᠍ᠵᠢᠮ ᠳᠤ ᠦᠪᠡᠷ ᠤᠨ ᠡᠷᠬᠡ ᠦᠭᠡᠢ ᠳᠠᠳᠠᠭᠳᠠᠨ᠎ᠠ᠃ ᠲᠤᠬᠠᠢ ᠶᠢᠨ ᠭᠠᠵᠠᠷ ᠤᠨ ᠴᠠᠭ ᠢᠶᠠᠷ 8 ᠰᠠᠷ᠎ᠠ ᠶᠢᠨ 22 ᠤᠨ ᠡᠲᠦᠷ ᠤᠨ ᠦᠳᠡ ᠡᠴᠡ ᠡᠮᠦᠨ᠎ᠠ᠂ 2017 ᠤᠨ ᠤ ᠠᠰᠲ᠋ᠠᠨᠠ ᠶᠢᠨ ᠲᠡᠯᠡᠬᠡᠢ ᠶᠢᠨ ᠶᠠᠭᠠᠷᠠᠮᠠᠭ ᠤᠨ ᠦᠪᠦᠷ ᠮᠤᠩᠭ᠋ᠤᠯ ᠤᠨ ᠠᠵᠢᠯᠯᠠᠭ᠎ᠠ ᠶᠢᠨ ᠭᠠᠷᠠᠭ ᠺᠠᠽᠠᠬᠰᠲ᠋ᠠᠨ ᠤ ᠨᠡᠶᠢᠰᠯᠡᠯ ᠠᠰᠲ᠋ᠠᠨᠠ ᠳᠤ ᠬᠦᠰᠢᠭᠡ ᠪᠠᠨ ᠰᠡᠬᠦᠪᠡ᠃

    ᠲᠤᠮᠳᠠᠳᠤ ᠤᠯᠤᠰ ᠤᠨ ᠦᠪᠦᠷ ᠮᠤᠩ᠋ᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ᠂ ᠲᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠦᠪᠯᠡᠯ ᠤᠨ ᠲᠡᠳ᠋ ᠲᠠᠷᠤᠭ᠎ᠠ᠂ ᠲᠡᠯᠡᠬᠡᠢ ᠶᠢᠨ ᠶᠠᠭᠠᠷᠠᠮᠠᠭ ᠤᠨ ᠲᠤᠮᠳᠠᠳᠤ ᠤᠯᠤᠰ ᠤᠨ ᠵᠣᠬᠢᠶᠠᠨ ᠪᠠᠶᠢᠭᠤᠯᠬᠤ ᠺᠤᠮᠢᠰ ᠤᠨ ᠲᠡᠳ᠋ ᠡᠷᠬᠢᠯᠡᠭᠴᠢ ᠵᠠᠩ ᠸᠧᠢ᠂ ᠺᠠᠽᠠᠬᠰᠲ᠋ᠠᠨ ᠳᠤ ᠰᠠᠭᠤᠭ᠎ᠠ ᠲᠤᠮᠳᠠᠳᠤ ᠤᠯᠤᠰ ᠤᠨ ᠡᠯᠴᠢᠨ ᠰᠠᠶᠢᠳ ᠤᠨ ᠶᠠᠮᠤᠨ ᠤ ᠤᠷᠤᠯᠠᠬᠴᠢ ᠬᠦᠢᠴᠡᠳᠭᠡᠭ᠍ᠴᠢ ᠯᠢᠦ ᠵᠢᠶᠠᠩ ᠫᠢᠩ ᠡᠬᠢᠯᠡᠯᠳᠡ ᠶᠢᠨ ᠶᠤᠰᠤᠯᠠᠯ ᠲᠡᠭᠡᠷ᠎ᠠ ᠪᠠᠶᠠᠷ ᠤᠨ ᠦᠭᠡ ᠬᠡᠯᠡᠪᠡ᠂ ᠺᠠᠽᠠᠬᠰᠲ᠋ᠠᠨ ᠤ ᠤᠯᠤᠰ ᠤᠨ ᠬᠤᠷᠠᠯ ᠤᠨ ᠵᠦᠪᠯᠡᠯᠭᠡᠨ ᠤ ᠵᠦᠪᠯᠡᠯ(ᠲᠡᠭᠡᠳᠦ ᠵᠦᠪᠯᠡᠯ) ᠤ᠋᠋ᠨ ᠭᠡᠰᠢᠭᠦᠨ ᠯᠠᠱᠧᠳ᠋ ᠠᠺᠧᠮᠦᠹᠦ᠋᠂ ᠺᠠᠽᠠᠬᠰᠲ᠋ᠠᠨ ᠤ ᠲᠤᠮᠳᠠᠳᠤ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ᠌ ᠤᠨ ᠲᠡᠷᠢᠭᠦᠯᠡᠭᠴᠢ ᠬᠠᠨᠠᠲ᠋ᠢᠪᠠᠶᠢᠰᠠᠶᠢᠺ ᠡᠬᠢᠯᠡᠯᠳᠡ ᠶᠢᠨ ᠶᠤᠰᠤᠯᠠᠯ ᠳᠤ ᠤᠷᠤᠯᠴᠠᠵᠤ᠂ ᠺᠠᠽᠠᠬᠰᠲ᠋ᠠᠨ ᠤ ᠪᠡᠯᠡ ᠤᠷᠤᠭᠤᠯᠬᠤ ᠵᠦᠪᠯᠡᠯ ᠤᠨ ᠲᠡᠷᠢᠭᠦᠯᠡᠭᠴᠢ ᠯᠠᠯᠢᠰᠠᡁᠢ ᠮᠠᠭᠠᠯᠢᠶᠧᠹᠠ᠂ ᠺᠠᠽᠠᠬᠰᠲ᠋ᠠᠨ ᠤ ᠺᠠᠯᠠᠭᠠᠨᠳᠠ ᠵᠸᠤ ᠶᠢᠨ ᠲᠡᠳ᠋ ᠲᠠᠷᠤᠭ᠎ᠠ ᠠᠾᠡᠸ᠋ᠮᠢᠯᠵᠢᠶᠠᠨᠦ᠋ᠶᠧᠹ ᠪᠠᠶᠠᠷ ᠤᠨ ᠦᠭᠡ ᠬᠡᠯᠡᠪᠡ᠃ ᠲᠡᠯᠡᠬᠡᠢ ᠶᠢᠨ ᠶᠠᠭᠠᠷᠠᠮᠠᠭ ᠤᠨ ᠬᠠᠮᠢᠶ᠎ᠠ ᠪᠦᠬᠦᠢ ᠤᠯᠤᠰ ᠤᠨ ᠤᠷᠳᠤᠨ ᠤ ᠲᠠᠷᠤᠭ᠎ᠠ᠂ ᠺᠠᠽᠠᠬᠰᠲ᠋ᠠᠨ ᠤ ᠬᠠᠮᠢᠶ᠎ᠠ ᠪᠦᠬᠦᠢ ᠬᠤᠳᠠᠯᠳᠤᠭᠠᠨ ᠤ ᠨᠡᠶᠢᠭᠡᠮᠯᠢᠭ᠌ ᠤᠨ ᠬᠠᠷᠢᠭᠤᠴᠠᠯᠭᠠᠳᠠᠳ ᠪᠠ ᠲᠦᠯᠦᠭᠡᠯᠡᠭᠴᠢᠳ᠂ ᠲᠤᠮᠳᠠᠳᠤ ᠤᠯᠤᠰ ᠤᠨ ᠦᠪᠦᠷ ᠮᠤᠩ᠋ᠭᠤᠯ ᠤᠨ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠵᠡᠷᠭᠡ 160 ᠭᠠᠷᠤᠢ ᠬᠦᠮᠦᠨ ᠡᠬᠢᠯᠡᠯᠳᠡ ᠶᠢᠨ ᠶᠤᠰᠤᠯᠠᠯ ᠳᠤ ᠤᠷᠤᠯᠴᠠᠵᠠᠢ᠃

    ᠪᠦ᠋ ᠰᠢᠶᠤᠤ ᠯᠢᠨ ᠪᠠᠶᠠᠷ ᠤᠨ ᠦᠭᠡ ᠳᠡᠭᠡᠨ᠂ ᠦᠪᠦᠷ ᠮᠤᠩᠭ᠋ᠤᠯ ᠲᠤᠮᠳᠠᠳᠤ ᠤᠯᠤᠰ ᠤᠨ ᠤᠮᠠᠷᠠᠳᠦ ᠬᠡᠰᠡᠭ ᠲᠤ ᠪᠠᠶᠢᠷᠢᠯᠠᠵᠤ᠂ ᠲᠤᠮᠳᠠᠳᠤ ᠤᠯᠤᠰ ᠤᠨ ᠴᠢᠬᠤᠯᠠ ᠴᠡᠪᠡᠷ ᠡᠨᠧᠷᠬᠢ ᠶᠢᠨ ᠰᠠᠭᠤᠷᠢᠨ ᠪᠤᠯᠤᠨ᠎ᠠ᠂ ᠡᠯ᠎ᠠ ᠤᠯᠤᠰ ᠤᠨ ᠨᠠᠶᠢᠵᠢ ᠨᠦᠬᠦᠳ ᠲᠠᠢ ᠤᠯᠠᠮᠵᠢᠯᠠᠯᠳᠦ ᠡᠨᠧᠷᠬᠢ ᠶᠢᠨ ᠬᠡᠯᠪᠡᠷᠢ ᠪᠠᠨ ᠬᠤᠪᠢᠷᠠᠭᠤᠯᠬᠤ ᠪᠠ ᠰᠢᠨ᠎ᠠ ᠡᠨᠧᠷᠬᠢ ᠶᠢ ᠨᠡᠭᠡᠭᠡᠨ ᠬᠦᠭ᠍ᠵᠢᠭᠦᠯᠵᠤ ᠠᠰᠢᠬᠯᠠᠬᠤ ᠲᠠᠯ᠎ᠠ ᠶᠢᠨ ᠰᠢᠨ᠎ᠠ ᠮᠡᠷᠭᠡᠵᠢᠯ᠂ ᠰᠢᠨ᠎ᠠ ᠦᠷ᠎ᠠ ᠪᠦᠳᠦᠭᠡᠯ ᠢᠶᠠᠨ ᠬᠠᠷᠢᠯᠴᠠᠨ ᠰᠤᠯᠢᠯᠴᠠᠬᠤ ᠳᠠᠭᠠᠨ ᠮᠠᠰᠢ ᠪᠠᠶᠠᠷᠳᠠᠢ ᠪᠠᠶᠢᠨ᠎ᠠ ᠬᠡᠪᠡ᠃ ᠲᠡᠷᠡ᠂ ᠪᠢᠳᠡ ᠬᠦᠭ᠍ᠵᠢᠯᠳᠡ ᠶᠢᠨ ᠲᠤᠮᠳᠠ ᠢᠮᠠᠬᠳᠠ ᠰᠢᠨ᠎ᠠ ᠶᠢ ᠡᠭᠦᠳᠦᠨ ᠬᠦᠭ᠍ᠵᠢᠭᠦ᠂ ᠪᠤᠬᠢᠷᠳᠦᠯ ᠦᠭᠡᠢ ᠬᠦᠭ᠍ᠵᠢᠭᠦ ᠪᠠ ᠨᠡᠭᠡᠭᠡᠯᠳᠡ ᠲᠠᠢ ᠬᠦᠭ᠍ᠵᠢᠭᠦ ᠪᠠᠷ ᠴᠢᠷᠮᠠᠶᠢᠪᠠ᠂ 2013 ᠤᠨ ᠳᠤ ᠲᠡᠷᠢᠭᠦᠯᠡᠭᠴᠢ ᠰᠢ ᠵᠢᠨ ᠫᠢᠩ ᠺᠠᠽᠠᠬᠰᠲ᠋ᠠᠨ ᠳᠤᠨᠢᠭᠡ ᠪᠦᠰᠡ ᠨᠢᠭᠡ ᠵᠠᠮ》 ᠤ᠋ᠨ ᠰᠠᠨᠠᠭᠠᠴᠢᠯᠠᠭ᠎ᠠ ᠶᠢ ᠲᠤᠷᠠᠳᠤᠬᠰᠠᠨ ᠤ ᠳᠠᠷᠠᠭ᠎ᠠ᠂ ᠦᠪᠦᠷ ᠮᠤᠩ᠋ᠭᠤᠯ ᠤᠨ ᠠᠵᠤ ᠠᠬᠤᠢᠢᠯᠠᠯ ᠬᠢᠭᠡᠳ ᠬᠦᠮᠦᠰ ᠺᠠᠽᠠᠬᠰᠲ᠋ᠠᠨ ᠵᠢᠴᠢ ᠡᠸᠦ᠋ᠷᠦᠫᠡ ᠠᠽᠢᠶ᠎ᠠ ᠶᠢᠨ ᠡᠯ᠎ᠠ ᠤᠯᠤᠰ ᠯᠤᠭ᠎ᠠ ᠶᠢᠨ ᠰᠤᠯᠢᠯᠴᠠᠭ᠎ᠠ ᠬᠠᠮᠳᠤᠷᠠᠯᠴᠠᠭ᠎ᠠ ᠪᠠᠨ ᠲᠠᠰᠤᠷᠠᠯᠳᠠ ᠦᠭᠡᠢ ᠴᠢᠩᠭ᠋ᠠᠳᠬᠠᠪᠠ᠃ ᠦᠪᠦᠷ ᠮᠤᠩ᠋ᠭᠤᠯ ᠲᠤᠷᠠᠳᠠᠶ᠎ᠠ ᠺᠠᠽᠠᠬᠰᠲ᠋ᠠᠨ ᠪᠣᠯᠣᠨᠨᠢᠭᠡ ᠪᠦᠰᠡ ᠨᠢᠭᠡ ᠵᠠᠮ》 ᠤ᠋᠋ᠨ ᠱᠤᠭᠤᠮ ᠲᠠᠭᠠᠤ ᠤᠯᠤᠰ ᠯᠤᠭ᠎ᠠ ᠭᠠᠵᠠᠷ ᠤᠷᠤᠨ ᠯᠤᠭ᠎ᠠ ᠶᠢᠨ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠨᠠᠬᠰᠢᠳᠠ ᠴᠢᠩᠭ᠋ᠠᠳᠬᠠᠵᠤ᠂ᠨᠢᠭᠡ ᠪᠦᠰᠡ ᠨᠢᠭᠡ ᠵᠠᠮ》 ᠤ᠋ᠨ ᠪᠦᠳᠦᠭᠡᠨ ᠪᠠᠶᠢᠭᠤᠯᠤᠯᠳᠠ ᠶᠢ ᠡᠩᠭᠡ ᠲᠠᠶᠢᠪᠤᠩ ᠤᠨ ᠵᠠᠮ᠂ ᠴᠡᠴᠡᠭᠯᠡᠨ ᠬᠦᠭ᠍ᠵᠢᠬᠦ ᠵᠠᠮ᠂ ᠭᠠᠳᠠᠬᠰᠢ ᠨᠡᠭᠡᠭᠡᠯᠳᠡ ᠬᠢᠬᠦ ᠵᠠᠮ᠂ ᠰᠢᠨ᠎ᠠ ᠶᠢ ᠡᠭᠦᠳᠭᠦ ᠵᠠᠮ᠂ ᠪᠤᠯᠪᠠᠰᠤᠨ ᠵᠠᠮ ᠪᠤᠯᠭᠠᠨ ᠪᠦᠳᠦᠭᠡᠨ ᠪᠠᠶᠢᠭᠤᠯᠤᠨ᠎ᠠ ᠬᠡᠵᠤ ᠢᠯᠡᠷᠬᠡᠶᠢᠯᠡᠵᠡᠢ᠃

    ᠵᠠᠩ ᠸᠧᠢ ᠪᠠᠶᠠᠷ ᠤᠨ ᠦᠭᠡ ᠳᠡᠭᠡᠨ᠂ ᠦᠪᠦᠷ ᠮᠣᠩ᠋ᠭᠤᠯ ᠤᠨ ᠦᠪᠡᠷᠳᠡᠭᠡᠨ ᠵᠠᠰᠠᠬᠤ ᠣᠷᠣᠨ ᠪᠣᠯ ᠳᠣᠮᠳᠠᠳᠣ ᠣᠯᠣᠰ ᠤᠨ ᠡᠨᠧᠷᠬᠢ ᠶᠢᠨ ᠲᠣᠮᠣ ᠣᠷᠣᠨ ᠪᠣᠯᠣᠨ᠎ᠠ᠂ ᠡᠬᠢ ᠪᠠᠶᠠᠯᠢᠭ ᠤᠨ ᠬᠠᠳᠠᠭᠠᠯᠠᠭᠳᠠᠴᠠ ᠡᠯᠪᠡᠭ᠌ ᠳᠡᠯᠪᠡᠭ᠌᠂ ᠨᠡᠭᠡᠭᠡᠨ ᠬᠦᠭ᠍ᠵᠢᠭᠦᠯᠬᠦ ᠨᠦᠭᠡᠴᠡ ᠬᠦᠴᠦᠨ ᠯᠣᠳᠣ ᠶᠡᠭᠡ᠃ ᠦᠪᠦᠷ ᠮᠣᠩ᠋ᠭᠤᠯ ᠤᠨ ᠦᠪᠡᠷᠳᠡᠭᠡᠨ ᠵᠠᠰᠠᠬᠤ ᠣᠷᠣᠨ ᠯᠠᠪᠳᠠᠢ ᠠᠰᠲ᠋ᠠᠨᠠ ᠶᠢᠨ ᠶᠠᠭᠠᠷᠠᠮᠠᠭ ᠤᠨ ᠴᠣᠭᠯᠠᠭᠠᠨ ᠳᠤ ᠣᠷᠣᠯᠴᠠᠭᠰᠠᠨ ᠰᠠᠶᠢᠨ ᠠᠵᠠ ᠳᠣᠬᠢᠶᠠᠯ ᠢ ᠠᠮᠵᠢᠵᠣ᠂ ᠦᠪᠡᠷ ᠤᠨ ᠴᠡᠪᠡᠷ ᠡᠨᠧᠷᠬᠢ ᠵᠡᠷᠭᠡ ᠳᠠᠯ᠎ᠠ ᠶᠢᠨ ᠳᠠᠪᠠᠭᠤᠯᠢᠭ ᠢᠶᠠᠨ ᠪᠠᠳᠠᠷᠠᠭᠤᠯᠵᠣ᠂ ᠳᠡᠯᠡᠬᠡᠢ ᠶᠢᠨ ᠡᠯ᠎ᠡ ᠣᠯᠣᠰ ᠯᠤᠭ᠎ᠠ ᠶᠢᠨ ᠡᠨᠧᠷᠬᠢ ᠶᠢᠨ ᠬᠦᠷᠢᠶᠡᠨ ᠳᠠᠬᠢ ᠰᠣᠯᠢᠯᠴᠠᠭ᠎ᠠ ᠪᠣᠯᠣᠨ ᠬᠠᠮᠳᠣᠷᠠᠯᠴᠠᠭ᠎ᠠ ᠪᠠᠨ ᠴᠢᠩᠭ᠋ᠠᠳᠬᠠᠵᠤ᠂ᠨᠢᠭᠡ ᠪᠦᠰᠡ ᠨᠢᠭᠡ ᠵᠠᠮ》 ᠤ᠋ᠨ ᠪᠦᠳᠦᠭᠡᠨ ᠪᠠᠶᠢᠭᠤᠯᠣᠯᠳᠠ ᠳᠤ ᠢᠳᠡᠪᠬᠢᠳᠡᠢ ᠣᠷᠣᠯᠴᠠᠨ ᠢᠳᠡᠪᠬᠢᠳᠡᠢ ᠠᠬᠢᠭᠤᠯᠵᠣ᠂ ᠦᠪᠡᠷᠳᠡᠭᠡᠨ ᠵᠠᠰᠠᠬᠤ ᠣᠷᠣᠨ ᠤ ᠠᠵᠣ ᠠᠬᠤᠢ᠂ ᠨᠡᠶᠢᠭᠡᠮ᠂ ᠰᠣᠶᠣᠯ ᠵᠡᠷᠭᠡ ᠡᠯ᠎ᠡ ᠳᠠᠯ᠎ᠠ ᠪᠠᠨ ᠳᠠᠰᠣᠷᠠᠯᠳᠠ ᠦᠭᠡᠢ ᠬᠦᠭ᠍ᠵᠢᠭᠦᠯᠦᠨ᠎ᠡ ᠭᠡᠳᠡᠭ ᠢ ᠢᠳᠡᠭᠡᠵᠦ ᠪᠠᠶᠢᠨ᠎ᠠ ᠭᠡᠪᠡ᠃

    ᠡᠬᠢᠯᠡᠯᠳᠡ ᠶᠢᠨ ᠶᠣᠰᠣᠯᠠᠯ ᠤᠨ ᠳᠣᠬᠠᠢ ᠶᠢᠨ ᠳᠠᠯᠠᠪᠠᠢ ᠳᠤ᠂ ᠳᠣᠮᠳᠠᠳᠣ ᠣᠯᠣᠰ ᠤᠨ ᠦᠪᠦᠷ ᠮᠣᠩᠭ᠋ᠤᠯ ᠤᠨ ᠦᠪᠡᠷᠳᠡᠭᠡᠨ ᠵᠠᠰᠠᠬᠤ ᠣᠷᠣᠨ ᠬᠢᠭᠡᠳ ᠺᠠᠽᠠᠭᠰᠲ᠋ᠠᠨ ᠵᠣᠭᠠᠴᠠᠯ᠂ ᠡᠨᠧᠷᠬᠢ᠂ ᠠᠷᠠᠯᠵᠢᠶ᠎ᠠ ᠬᠤᠳᠠᠯᠳᠤᠭ᠎ᠠ ᠵᠡᠷᠭᠡ 15 ᠬᠠᠮᠳᠣᠷᠠᠯᠴᠠᠭ᠎ᠠ ᠶᠢᠨ ᠲᠦᠷᠦᠯ ᠵᠦᠢᠯ ᠳᠤ ᠭᠠᠷ ᠤᠨ ᠦᠰᠦᠭ ᠵᠢᠷᠣᠵᠣ᠂ ᠣᠷᠠᠨ ᠰᠠᠶᠢᠬᠠᠨ ᠤ ᠳᠣᠭᠯᠠᠯᠳᠠ ᠭᠠᠷᠭᠠᠵᠠᠢ᠃ ᠡᠬᠢᠯᠡᠯᠳᠡ ᠶᠢᠨ ᠶᠣᠰᠣᠯᠠᠯ ᠤᠨ ᠳᠠᠷᠠᠭ᠎ᠠ᠂ ᠪᠦ᠋ ᠰᠢᠶᠣᠣ ᠯᠢᠨ ᠨᠠᠷ ᠣᠷᠢᠳ ᠬᠤᠵᠢᠳ ᠠᠰᠲ᠋ᠠᠨᠠ ᠶᠢᠨ ᠳᠡᠯᠡᠬᠡᠢ ᠶᠢᠨ ᠶᠠᠭᠠᠷᠠᠮᠠᠭ ᠤᠨ ᠭ᠍ᠧᠷᠮᠠᠨ ᠤ ᠣᠷᠳᠣᠨ᠂ ᠠᠩᠭ᠍ᠯᠢ ᠶᠢᠨ ᠣᠷᠳᠣᠨ᠂ ᠺᠠᠽᠠᠭᠰᠲ᠋ᠠᠨ ᠤ ᠣᠷᠳᠣᠨ ᠵᠡᠷᠭᠡ ᠳᠤ ᠬᠦᠷᠴᠦ ᠣᠷᠳᠣᠨ ᠤ ᠬᠤᠭᠤᠷᠣᠨᠳᠣᠬᠢ ᠰᠣᠯᠢᠯᠴᠠᠭ᠎ᠠ ᠶᠢᠨ ᠠᠵᠢᠯᠯᠠᠭ᠎ᠠ ᠦᠷᠨᠢᠭᠦᠯᠵᠡᠢ᠃

    ᠳᠣᠬᠠᠢ ᠶᠢᠨ ᠭᠠᠵᠠᠷ ᠤᠨ ᠴᠠᠭ ᠢᠶᠠᠷ 8 ᠰᠠᠷ᠎ᠠ ᠶᠢᠨ 21 ᠤ ᠡᠲᠦᠷ ᠤᠨ ᠣᠷᠣᠢ᠂ 2017 ᠣᠨ ᠤ ᠠᠰᠲ᠋ᠠᠨᠠᠨ ᠶᠢᠨ ᠳᠡᠯᠡᠬᠡᠢ ᠶᠢᠨ ᠶᠠᠭᠠᠷᠠᠮᠠᠭ ᠤᠨ ᠦᠪᠦᠷ ᠮᠣᠩ᠋ᠭᠤᠯ ᠤᠨ ᠠᠵᠢᠯᠯᠠᠭ᠎ᠠ ᠶᠢᠨ ᠭᠠᠷᠠᠭ ᠤᠨ ᠰᠣᠶᠣᠯ ᠤᠨ  ᠢ᠋ᠰᠣᠯᠢᠯᠴᠠᠭᠠᠨ ᠤ ᠠᠵᠢᠯᠯᠠᠭ᠎ᠠ ᠶᠢᠨ ᠨᠢᠭᠡ ᠪᠣᠯᠬᠤ ᠪᠦᠵᠢᠭᠳᠦ ᠵᠦᠴᠦᠭᠡᠲᠡᠮᠡᠭᠡᠨ ᠵᠠᠮ》 ᠢ᠋ ᠠᠰᠲ᠋ᠠᠨᠠ ᠶᠢᠨ ᠡᠩᠬᠡ ᠳᠠᠶᠢᠪᠣᠩ ᠤᠨ ᠣᠷᠳᠣᠨ ᠳᠤ ᠳᠣᠭᠯᠠᠵᠠᠢ᠃

    ᠦᠪᠦᠷ ᠮᠣᠩ᠋ᠭᠤᠯ ᠤᠨ ᠠᠵᠢᠯᠯᠠᠭ᠎ᠠ ᠶᠢᠨ ᠭᠠᠷᠠᠭ ᠨᠢᠡᠨᠧᠷᠬᠢ ᠶᠢᠨ ᠰᠢᠨ᠎ᠠ ᠶᠢ ᠡᠭᠦᠳᠬᠦ ᠲᠤᠷᠭᠠᠨ ᠵᠠᠮ ᠤᠨ ᠲᠠᠯ᠎ᠠ ᠨᠤᠳᠤᠭ》 ᠢᠶᠡᠷ ᠭᠤᠣᠯ ᠰᠡᠳᠦᠪ ᠪᠣᠯᠭᠠᠵᠣ᠂ ᠡᠨᠧᠷᠬᠢ ᠶᠢᠨ ᠦᠵᠡᠭᠦᠯᠦᠯᠭᠡ᠂ ᠠᠵᠣ ᠠᠬᠤᠢ ᠠᠷᠠᠯᠵᠢᠶ᠎ᠠ ᠶᠢᠨ ᠬᠡᠯᠡᠯᠴᠡᠭᠡᠷ᠂ ᠵᠣᠭᠠᠴᠠᠯ ᠤᠨ ᠳᠠᠨᠢᠯᠴᠠᠭᠤᠯᠭ᠎ᠠ᠂ ᠣᠷᠠᠨ ᠰᠠᠶᠢᠬᠠᠨ ᠤ ᠳᠣᠭᠯᠠᠯᠳᠠ ᠵᠡᠷᠭᠡ ᠠᠵᠢᠯᠯᠠᠭ᠎ᠠ ᠦᠷᠨᠢᠭᠦᠯᠵᠦ᠂ ᠳᠡᠯᠡᠬᠡᠢ ᠶᠢᠨ ᠶᠠᠭᠠᠷᠠᠮᠠᠭ ᠤᠨ ᠴᠣᠭᠯᠠᠭᠠᠨ ᠭᠡᠰᠡᠨ ᠡᠨᠡᠬᠦ ᠣᠯᠠᠨ ᠣᠯᠣᠰ ᠤᠨ ᠠᠵᠣ ᠠᠬᠤᠢ ᠰᠣᠶᠣᠯ ᠤᠨ ᠰᠣᠯᠢᠯᠴᠠᠭᠠᠨ ᠤ ᠲᠠᠪᠴᠠᠩ ᠢ ᠭᠦᠢᠴᠡᠳ ᠠᠰᠢᠭᠯᠠᠨ ᠦᠪᠦᠷ ᠮᠣᠩ᠋ᠭᠤᠯ ᠢᠶᠠᠨ ᠣᠬᠠᠭᠤᠯᠵᠣ᠂ ᠴᠢᠨᠠᠭᠰᠢᠳᠠ ᠳᠡᠯᠡᠬᠡᠢ ᠶᠢᠨ ᠬᠠᠷᠠᠭ᠎ᠠ ᠶᠢ ᠳᠡᠯᠡᠵᠦ᠂ ᠮᠠᠨ ᠤ ᠣᠷᠣᠨ ᠬᠢᠭᠡᠳ ᠺᠠᠽᠠᠭᠰᠲ᠋ᠠᠨ ᠵᠡᠷᠭᠡ ᠳᠣᠮᠳᠠᠳᠣ ᠠᠽᠢᠶ᠎ᠠ ᠶᠢᠨ ᠣᠯᠣᠰ ᠤᠳ ᠯᠤᠭ᠎ᠠ ᠶᠢᠨ ᠡᠨᠧᠷᠬᠢ᠂ ᠵᠣᠭᠠᠴᠠᠯ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭ᠍ᠳᠡᠬᠦᠨ ᠢ ᠡᠳ᠋ᠰᠢᠭᠦᠯᠬᠦ ᠵᠡᠷᠭᠡ ᠳᠠᠯ᠎ᠠ ᠶᠢᠨ ᠬᠠᠮᠳᠣᠷᠠᠯᠴᠠᠭ᠎ᠠ ᠶᠢᠨ ᠨᠦᠭᠡᠴᠡ ᠬᠦᠴᠦᠨ ᠢ ᠭᠦᠢᠴᠡᠳ ᠠᠭᠤᠳᠠᠯᠠᠵᠣ᠂ ᠣᠷᠣᠨ ᠨᠣᠳᠤᠭ ᠤᠨ ᠠᠵᠣ ᠠᠬᠤᠢ ᠶᠢᠨ ᠬᠡᠯᠪᠡᠷᠢ ᠪᠠᠨ ᠬᠤᠪᠢᠷᠠᠭᠤᠯᠣᠨ ᠬᠦᠭ᠍ᠵᠢᠭᠦ ᠶᠢ ᠠᠬᠢᠭᠤᠯᠬᠤ ᠪᠣᠯᠣᠨ᠎ᠠ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121536888