蒙古文网站Logo
ᠰᠢᠨᠬᠤᠸᠠ ᠮᠤᠩᠭ᠋ᠤᠯ ᠨᠧᠲ

ᠯᠢ ᠵᠢᠢ ᠡᠾᠸᠩ᠄ ᠲᠠᠨᠢᠯᠲᠠ ᠪᠠᠨ ᠲᠡᠭᠡᠭ᠍ᠰᠢᠯᠡᠬᠦᠯᠵᠦ ᠡᠭᠦᠷᠭᠡ ᠶᠢ ᠲᠤᠲᠤᠷᠬᠠᠶᠢᠯᠠᠵᠤ ᠰᠠᠬᠢᠯᠭ᠎ᠠ ᠪᠠᠲᠤ ᠶᠢ ᠴᠢᠩᠳᠠᠯᠠᠨ ᠤᠲᠤᠷᠢᠲᠤᠯᠭ᠎ᠠ ᠪᠠᠨ ᠴᠢᠩᠭ᠋ᠠᠳᠬᠠᠵᠤ ᠬᠤᠭᠤᠴᠠᠭ᠎ᠠ ᠰᠤᠯᠢᠬᠤ ᠠᠵᠢᠯ ᠤᠨ ᠡᠷᠡᠬᠦᠯ ᠡᠮᠬᠢ ᠵᠢᠷᠤᠮ ᠲᠠᠢ ᠰᠤᠷᠲᠠᠯ ᠴᠢᠭᠡᠴᠢ ᠤᠪᠤᠷ ᠲᠦᠪ ᠶᠠᠪᠤᠬᠳᠠᠬᠤ ᠶᠢ ᠪᠠᠲᠤᠯᠠᠬᠤ ᠬᠡᠷᠡᠭᠲᠡᠢ

2017-08-28 17:03

    8 ᠰᠠᠷ᠎ᠠ ᠶᠢᠨ 25 ᠤ ᠡᠳᠦᠷ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠬᠦᠬᠡᠬᠤᠳᠠ᠍ ᠳ᠋ᠤ ᠪᠦᠭᠦ ᠤᠷᠤᠨ ᠤ ᠬᠤᠳᠠ᠍᠂ ᠬᠤᠰᠢᠭᠤ ᠰᠢᠶᠠᠨ(ᠬᠤᠳᠠ᠍ ᠂ ᠲᠤᠭᠤᠷᠢᠭ)᠂ ᠰᠤᠮᠤ ᠰᠢᠶᠠᠡᠭ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠬ ᠤᠨ ᠤᠷᠳᠤᠨ ᠪᠠ ᠠᠢᠢᠮᠠᠬ ᠬᠤᠳᠠ᠍᠂ ᠬᠤᠰᠢᠭᠤ ᠰᠢᠶᠠᠨ(ᠬᠤᠳᠠ᠍᠂ ᠲᠤᠭᠤᠷᠢᠭ)ᠤ᠋ ᠤᠯᠤᠰ ᠲᠦᠷᠦ ᠵᠢᠨ ᠵᠦᠪᠯᠡᠯᠭᠡᠨ ᠤ ᠬᠤᠭᠤᠴᠠᠭ᠎ᠠ ᠰᠤᠯᠢᠬᠤ ᠠᠵᠢᠯ ᠤᠨ ᠬᠤᠷᠠᠯ ᠬᠤᠷᠠᠯᠳᠤᠭᠤᠯᠪᠠ᠃

    ᠦᠪᠡᠷᠳᠡᠭᠡᠨ ᠵᠠᠰᠠᠬᠤ ᠤᠷᠤᠨ ᠤ᠋ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠡᠾᠧᠩ ᠶᠠᠷᠢᠶ᠎ᠠ ᠲᠠᠯᠪᠢᠪᠠ᠃ ᠲᠡᠷᠡ᠂ ᠶᠡᠷᠦᠩᠬᠡᠢ ᠱᠦᠵᠢ ᠰᠢ ᠵᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠪᠠ ᠤᠯᠤᠰ ᠪᠠᠨ ᠵᠠᠰᠠᠵᠤ ᠲᠦᠷᠦ ᠪᠠᠨ ᠴᠡᠭᠴᠡᠯᠡᠬᠦ ᠰᠢᠨ᠎ᠡ ᠤᠶᠢᠯᠠᠭᠠᠬᠲᠠᠬᠤᠨ ᠰᠢᠨ᠎᠎ᠡ ᠦᠵᠡᠯ ᠰᠠᠨᠠᠭ᠎ᠠ ᠰᠢᠨ᠎ᠡ ᠪᠠᠶᠢᠯᠲᠤᠬᠤ ᠪᠤᠲᠤᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ ᠤᠨ 《 7·26》 ᠤ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠲᠦᠪ ᠤᠨ ᠪᠠᠶᠢᠷᠢᠯᠠᠭᠤᠯᠤᠯᠲᠠ ᠱᠠᠭᠠᠷᠲᠠᠯᠭ᠎ᠠ ᠶᠤᠰᠤᠭᠠᠷ᠂ ᠬᠤᠭᠤᠴᠠᠭ᠎ᠠ ᠰᠤᠯᠢᠬᠤ ᠡᠭᠦᠷᠭᠡ ᠶᠢ ᠦᠨᠳᠦᠷ ᠪᠠᠷᠢᠮᠵᠢᠶ᠎ᠠ ᠪᠡᠷ ᠴᠢᠨᠠᠷ ᠰᠠᠢᠢᠳᠠᠢ ᠪᠡᠶᠡᠯᠡᠭᠦᠯᠵᠦ᠂ᠦᠵᠡᠰᠭᠦᠯᠠᠡᠭᠳᠤ ᠰᠠᠢᠢᠬᠠᠨ ᠦᠪᠤᠷ ᠮᠤᠡᠭᠭᠤᠯ ᠵᠢᠡᠨ ᠪᠦᠲᠦᠭᠡᠨ ᠪᠠᠢᠢᠭᠤᠯᠵᠦ ᠠᠭᠤᠤ ᠶᠡᠭᠡ ᠲᠤᠮᠳᠠᠳᠤ ᠶᠢᠨ ᠮᠦᠷᠦᠭᠡᠲᠦᠯ ᠢᠶᠡᠨ ᠬᠠᠮᠲᠤᠪᠡᠷ ᠲᠡᠷᠭᠡᠯᠰᠢᠬᠦᠯᠬᠦ》 ᠳ᠋ᠤ ᠴᠢᠬᠤᠯᠠ ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃

    ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠦᠯᠢ ᠴᠠᠭᠠᠵᠠ ᠶᠢᠨ ᠬᠤᠷᠢᠶᠠᠨ ᠤ ᠱᠦᠵᠢ ᠯᠢ ᠵᠢᠶᠠ ᠨᠢᠭᠡᠲᠦᠭᠡᠷ ᠪᠦᠬᠦᠲᠡ ᠬᠤᠷᠠᠯ ᠢ ᠡᠷᠬᠢᠯᠡᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭ᠋ᠤ ᠶᠢᠨ ᠭᠡᠰᠢᠬᠦᠨ᠂ ᠵᠤᠬᠢᠶᠠᠨ ᠪᠠᠶᠢᠭᠤᠯᠬᠤ ᠬᠡᠯᠲᠡᠰ ᠤᠨ ᠲᠠᠷᠤᠭ᠎ᠠ ᠽᠧᠩ ᠢ ᠴᠦᠨ ᠬᠤᠶᠠᠲᠤᠭᠠᠷ ᠪᠦᠬᠦᠲᠡ ᠬᠤᠷᠠᠯ ᠢ ᠡᠷᠬᠢᠯᠡᠵᠡᠢ᠃ ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠤᠲᠤᠷᠢᠳᠬᠤ ᠨᠦᠬᠦᠳ ᠬᠤᠷᠠᠯ ᠳ᠋ᠤ ᠤᠷᠤᠯᠴᠠᠵᠠᠢ᠃ 

    ᠯᠢ ᠵᠢᠢ ᠾᠸᠡᠭ ᠶᠠᠷᠢᠶᠠᠨ ᠳᠤ ᠪᠠᠨ᠂ ᠨᠠᠮ ᠤᠨ ᠲᠦᠪ ᠬᠤᠷᠢᠶ᠎ᠠ ᠬᠤᠭᠤᠴᠠᠭ᠎ᠠ ᠰᠤᠯᠢᠬᠤ ᠠᠵᠢᠯ ᠢ ᠲᠡᠭᠡᠳᠦ ᠬᠡᠮᠵᠢᠶ᠎ᠠ ᠪᠡᠷ ᠬᠦᠨᠳᠦᠳᠭᠡᠵᠦ᠂ ᠶᠡᠷᠦᠩᠬᠡᠢ ᠱᠦᠵᠢ ᠰᠢ ᠵᠢᠨ ᠫᠢᠩ ᠤᠯᠠᠨ ᠤᠲᠠᠭ᠎ᠠ ᠴᠢᠬᠤᠯᠠ ᠵᠢᠭᠠᠪᠤᠷᠢ ᠦᠭᠴᠦ᠂ ᠬᠤᠭᠤᠴᠠᠭ᠎ᠠ ᠰᠤᠯᠢᠬᠤ ᠠᠵᠢᠯ ᠢ ᠰᠠᠶᠢᠲᠦᠷ ᠬᠢᠬᠦ ᠳ᠋ᠤ ᠦᠨᠳᠦᠰᠦᠨ ᠵᠢᠷᠤᠮᠯᠠᠯ ᠬᠠᠩᠭ᠋ᠠᠪᠠ᠃ ᠪᠢᠲᠡ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠲᠦᠪ ᠤᠨ ᠵᠤᠷᠢᠭ ᠰᠠᠨᠠᠭ᠎ᠠ ᠲᠠᠢ ᠦᠨᠡᠨᠬᠦ ᠨᠢᠭᠡᠳᠭᠡᠵᠦ᠂ ᠬᠤᠭᠤᠴᠠᠭ᠎ᠠ ᠰᠤᠯᠢᠬᠤ ᠠᠵᠢᠯ ᠢ ᠰᠠᠶᠢᠲᠦᠷ ᠬᠢᠬᠦ ᠶᠢᠨ ᠴᠢᠬᠤᠯᠠ ᠠᠴᠢ ᠬᠤᠯᠪᠤᠭᠲᠠᠯ ᠢ ᠬᠦᠨᠵᠡᠭᠡᠢ ᠲᠠᠨᠢᠵᠤ᠂ ᠲᠡᠭᠡᠳᠦ ᠬᠡᠮᠵᠢᠶᠠᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠦᠬᠡᠨ ᠡᠭᠦᠷᠭᠡᠲᠦ ᠰᠡᠳᠬᠢᠯᠭᠡ ᠪᠡᠷ ᠠᠵᠢᠯ ᠶᠢᠡᠨ ᠰᠠᠶᠢᠲᠦᠷ ᠬᠢᠬᠦ ᠬᠡᠷᠡᠭᠲᠡᠢ᠃ ᠲᠤᠭ ᠲᠡᠮᠲᠡᠭ ᠲᠤᠲᠤᠷᠬᠠᠢ ᠪᠡᠷ ᠤᠯᠤᠰ ᠲᠦᠷᠦ ᠶᠢ ᠡᠷᠬᠢᠮᠯᠡᠬᠦ᠂ ᠨᠠᠮ ᠤᠨ ᠤᠲᠤᠷᠢᠲᠤᠯᠭ᠎ᠠ ᠶᠢ ᠪᠠᠷᠢᠮᠲᠠᠯᠠᠬᠤ᠂ ᠬᠤᠭᠤᠴᠠᠭ᠎ᠠ ᠰᠤᠯᠢᠬᠤ ᠠᠵᠢᠯ ᠢ ᠴᠢᠩᠭ᠋᠎ᠠ ᠮᠦᠷᠲᠡᠭᠡᠨ ᠪᠤᠲᠠᠲᠠᠢ ᠠᠳᠬᠤᠬᠤ ᠶᠢ ᠢᠮᠠᠭᠲᠠ ᠲᠤᠤᠱᠯᠠᠭᠤᠯᠵᠤ᠂ ᠨᠠᠮ ᠤᠨ ᠤᠲᠤᠷᠢᠲᠤᠯᠭ᠎ᠠ ᠶᠢ ᠴᠢᠩᠭ᠋ᠠᠳᠬᠠᠬᠤ᠂ ᠠᠷᠠᠳᠴᠢᠯᠠᠯ ᠢ ᠬᠦᠢᠴᠡᠳ ᠪᠠᠲᠠᠷᠠᠭᠤᠯᠬᠤ ᠪᠠ ᠲᠦᠪ ᠴᠢᠩᠭ᠋᠎ᠠ ᠪᠠᠷ ᠬᠠᠦᠯᠢ ᠶᠤᠰᠤᠭᠠᠷ ᠤᠴᠢᠷ ᠶᠠᠪᠤᠲᠠᠯ ᠰᠢᠢᠳᠪᠦᠷᠢᠯᠡᠬᠦ ᠶᠢ ᠤᠷᠭᠠᠨᠢᠭ ᠢᠶᠡᠷ ᠤᠶᠠᠯᠲᠤᠭᠤᠯᠬᠤ ᠶᠢ ᠪᠠᠷᠢᠮᠲᠠᠯᠠᠵᠤ᠂ ᠵᠦᠪ ᠤᠨᠤᠪᠴᠢᠲᠠᠢ ᠬᠦᠮᠦᠨ ᠬᠡᠷᠡᠭᠯᠡᠬᠦ ᠬᠦᠮᠦᠨ ᠰᠤᠩᠭ᠋ᠤᠬᠤ ᠤᠲᠤᠷᠢᠲᠤᠮᠵᠢ ᠶᠢ ᠪᠤᠢ ᠪᠤᠯᠭᠠᠵᠤ᠂ ᠺᠠᠳ᠋ᠷ ᠢ ᠲᠡᠪᠰᠢᠬᠦᠯᠦᠨ ᠲᠠᠨᠢᠯᠴᠠᠭᠤᠯᠵᠤ ᠰᠢᠯᠭᠠᠨ ᠪᠠᠶᠢᠴᠠᠭᠠᠬᠤ᠂ ᠤᠲᠤᠷᠢᠳᠬᠤ ᠪᠠᠭ ᠢ ᠲᠤᠬᠢᠷᠠᠭᠤᠯᠬᠤ᠂ ᠲᠦᠯᠦᠭᠡᠯᠡᠭᠴᠢ ᠭᠡᠰᠢᠬᠦᠨ ᠢ ᠰᠤᠩᠭ᠋ᠤᠨ ᠭᠠᠷᠭᠠᠬᠤ ᠪᠠ ᠶᠡᠬᠡ ᠬᠤᠷᠠᠯ ᠤᠨ ᠰᠤᠩᠭ᠋ᠤᠭᠤᠯᠢ ᠵᠡᠷᠭᠡ ᠠᠵᠢᠯ ᠢ ᠪᠦᠬᠦ ᠲᠠᠯ᠎ᠠ ᠪᠡᠷ ᠰᠠᠶᠢᠲᠦᠷ ᠠᠳᠬᠤᠵᠤ᠂ ᠬᠤᠭᠤᠴᠠᠭ᠎ᠠ ᠰᠤᠯᠢᠬᠤ ᠰᠤᠷᠲᠠᠯ  ᠤᠨ ᠬᠢᠨᠠᠯᠲᠠ ᠶᠢ ᠴᠢᠩᠭ᠋᠎ᠠ ᠮᠦᠷᠲᠡᠭᠡᠨ ᠪᠤᠲᠠᠲᠠᠢ ᠴᠢᠩᠭ᠋ᠠᠳᠬᠠᠵᠤ᠂ ᠰᠤᠷᠲᠠᠯ ᠴᠢᠭᠡᠴᠢ ᠤᠪᠤᠷ ᠲᠦᠪ ᠬᠤᠭᠤᠴᠠᠭ᠎ᠠ ᠰᠤᠯᠢᠬᠤ ᠤᠷᠴᠢᠨ ᠲᠤᠭᠤᠷᠢᠨ ᠢ ᠪᠤᠢ ᠪᠤᠯᠭᠠᠵᠤ᠂ ᠡᠨᠡᠬᠦ ᠴᠢᠬᠤᠯᠠ ᠤᠯᠤᠰ ᠲᠦᠷᠦ ᠶᠢᠨ ᠡᠭᠦᠷᠭᠡ ᠶᠢ ᠡᠷᠬᠡᠪᠰᠢ ᠰᠠᠶᠢᠲᠦᠷ ᠪᠡᠶᠡᠯᠡᠬᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃

    ᠯᠢ ᠵᠢᠢ ᠡᠾᠧᠩ᠂ ᠡᠯ᠎ᠡ ᠱᠠᠲᠤᠨ ᠤ ᠨᠠᠮ ᠤᠨ ᠬᠤᠷᠢᠶ᠎ᠠ ᠭᠤᠤᠯ ᠴᠤᠭᠴᠠ ᠶᠢᠨ ᠬᠠᠷᠢᠭᠤᠴᠠᠯᠭ᠎ᠠ ᠶᠢ ᠰᠠᠶᠢᠲᠦᠷ ᠨᠠᠶᠢᠲᠠᠪᠤᠷᠢᠵᠢᠭᠤᠯᠵᠤ᠂ ᠬᠤᠭᠤᠴᠠᠭ᠎ᠠ ᠰᠤᠯᠢᠬᠤ ᠠᠵᠢᠯ ᠢ ᠴᠢᠬᠤᠯᠠ ᠵᠦᠪᠯᠡᠬᠦ ᠵᠦᠢᠯ ᠳ᠋ᠡᠭᠡᠨ ᠤᠷᠤᠭᠤᠯᠵᠤ᠂ ᠡᠯ᠎ᠡ ᠵᠦᠢᠯ ᠤᠨ ᠠᠵᠢᠯ ᠤᠷᠤᠭᠰᠢᠲᠠᠢ ᠡᠮᠬᠢ ᠵᠢᠷᠦᠮ ᠲᠠᠢ ᠶᠠᠪᠤᠭᠲᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠲᠤᠰ ᠱᠠᠲᠤᠨ ᠤ ᠨᠠᠮ ᠤᠨ ᠬᠤᠷᠢᠶ᠎ᠠ ᠶᠢᠨ ᠶᠢᠨᠨ ᠨᠢᠭᠡᠲᠦᠯᠲᠡᠢ ᠤᠲᠤᠷᠢᠲᠤᠯᠭ᠎ᠠ ᠲᠤᠤᠷ᠎ᠠ᠂ ᠠᠵᠢᠯ ᠢᠶᠡᠨ ᠢᠲᠡᠪᠬᠢᠲᠡᠢ ᠰᠠᠨᠠᠭᠠᠴᠢᠯᠠᠭ᠎ᠠ ᠡᠴᠡ ᠪᠠᠨ ᠦᠷᠨᠢᠬᠦᠯᠬᠦ ᠬᠡᠷᠡᠭᠲᠡᠢ᠃ ᠡᠯ᠎ᠡ ᠱᠠᠲᠤᠨ ᠤ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠨᠠᠮ ᠤᠨ ᠬᠤᠷᠢᠶ᠎ ᠠ ᠶᠢᠨ ᠵᠦᠪᠯᠡᠭᠴᠢ ᠬᠠᠪᠰᠤᠷᠤᠭᠴᠢ ᠪᠤᠯᠵᠤ᠂ ᠡᠯ᠎ᠡ ᠵᠦᠢᠯ ᠤᠨ ᠪᠤᠲᠠᠲᠠᠢ ᠠᠵᠢᠯ ᠢ ᠬᠢᠨᠠᠮᠠᠭᠠᠢ ᠰᠠᠶᠢᠲᠦᠷ ᠬᠢᠬᠦ ᠬᠡᠷᠡᠭᠲᠡᠢ᠃ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠯᠭ᠎ᠠ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠬᠦᠯᠵᠦ ᠬᠠᠷᠢᠭᠤᠴᠠᠯᠭ᠎ᠠ ᠲᠤᠯᠭᠠᠬᠤ ᠪᠠᠨ ᠴᠢᠩᠭ᠋ᠠᠳᠬᠠᠵᠤ᠂ ᠬᠤᠭᠤᠴᠠᠭ᠎ᠠ ᠰᠤᠯᠢᠬᠤ ᠰᠤᠷᠲᠠᠯ ᠳ᠋ᠡᠬᠢ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠲᠡᠷᠡ ᠬᠡᠪ ᠢᠶᠡᠷ ᠨᠢ ᠪᠤᠲᠠᠲᠠᠢ ᠳ᠋ᠤ ᠨᠠᠶᠢᠲᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠰᠤᠷᠲᠠᠯ ᠤᠬᠠᠭᠤᠯᠭ᠎ᠠ᠂ ᠨᠢᠭᠡᠲᠦᠮᠡᠯ ᠹᠷᠤᠨᠲ᠂ ᠤᠯᠤᠰ ᠲᠦᠷᠦ ᠬᠠᠦᠯᠢ ᠴᠠᠭᠠᠵᠠ ᠵᠡᠷᠭᠡ ᠰᠠᠯᠠᠭ᠎ᠠ ᠮᠦᠴᠢᠷ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠨᠢᠬᠲᠠ ᠬᠠᠮᠵᠢᠯᠴᠠᠵᠤ᠂ ᠰᠡᠳᠬᠢᠯ ᠢᠶᠡᠨ ᠨᠢᠭᠡᠳᠭᠡᠨ ᠬᠦᠴᠦ ᠪᠠᠨ ᠬᠠᠮᠲᠤᠳᠬᠠᠵᠤ ᠠᠵᠢᠯ ᠢᠶᠡᠨ ᠰᠠᠶᠢᠲᠦᠷ ᠬᠢᠬᠦ ᠬᠡᠷᠡᠭᠲᠡᠢ᠃ ᠠᠵᠢᠯ ᠢ ᠨᠢᠭᠡᠲᠦᠯᠲᠡᠢ ᠲᠦᠯᠦᠪᠵᠢᠬᠦᠯᠬᠦ ᠶᠢ ᠰᠠᠶᠢᠲᠦᠷ ᠠᠳᠬᠤᠵᠤ᠂ ᠬᠤᠭᠤᠴᠠᠭ᠎ᠠ ᠰᠤᠯᠢᠬᠤ ᠠᠵᠢᠯ ᠪᠠ ᠡᠲᠦᠷ ᠲᠤᠲᠤᠮ ᠤᠨ ᠠᠵᠢᠯ ᠢ ᠬᠤᠶᠠᠷ ᠤᠨ ᠠᠯᠢ ᠶᠢ ᠨᠢ ᠴᠤ ᠦᠯᠦ ᠰᠠᠭᠠᠲᠠᠭᠠᠵᠤ᠂ ᠬᠤᠶᠠᠷ ᠢ ᠠᠬᠢᠭᠤᠯᠬᠤ ᠶᠢ ᠪᠠᠲᠤᠯᠠᠵᠤ᠂ ᠰᠢᠯᠢᠲᠡᠭ ᠠᠮᠵᠢᠯᠲᠠ ᠪᠡᠷ ᠢᠶᠡᠨ ᠨᠠᠮ ᠤᠨ ᠠᠷᠪᠠ ᠶᠢᠰᠦᠲᠦᠭᠡᠷ ᠶᠡᠬᠡ ᠬᠤᠷᠠᠯ ᠤᠨ ᠠᠮᠵᠢᠯᠲᠠ ᠲᠠᠢ ᠬᠤᠷᠠᠯᠲᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃

    ᠬᠤᠷᠠᠯ ᠲᠡᠭᠡᠷ᠎ᠡ᠂ ᠯᠢ ᠵᠢᠢ ᠡᠾᠧᠩ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠲᠠᠢ ᠬᠤᠭᠤᠴᠠᠭ᠎ᠠ ᠰᠤᠯᠢᠬᠤ ᠠᠵᠢᠯ ᠤᠨ ᠬᠠᠷᠢᠭᠤᠴᠠᠯᠭ᠎ᠠ ᠶᠢᠨ ᠪᠢᠴᠢᠭ᠌ ᠲᠤ ᠭᠠᠷ ᠤᠨ ᠦᠰᠦᠭ ᠵᠢᠷᠤᠵᠠᠢ᠃ ᠦᠪᠡᠷᠲᠡᠭᠡᠨ ᠵᠠᠰᠠᠬᠤ ᠤᠷᠤᠨ ᠤ ᠤᠲᠤᠷᠢᠲᠤᠯᠭ᠎ᠠ ᠸᠠᠩ ᠯᠢ ᠰᠢᠶᠠ᠂ ᠽᠧᠩ ᠢ ᠴᠦᠨ᠂ ᠯᠢᠦ ᠴᠢ ᠹᠠᠨ᠂ ᠬᠤᠷᠴᠠ ᠬᠤᠭᠤᠴᠠᠭ᠎ᠠ ᠰᠤᠯᠢᠬᠤ ᠠᠵᠢᠯ ᠢ ᠰᠠᠶᠢᠲᠦᠷ ᠬᠢᠬᠦ ᠲᠤᠬᠠᠢ ᠲᠤᠰ ᠲᠤᠰ ᠪᠤᠲᠠᠲᠠᠢ ᠪᠠᠶᠢᠷᠢᠯᠠᠭᠤᠯᠤᠯᠲᠠ ᠬᠢᠵᠦ᠂ ᠲᠤᠲᠤᠷᠬᠠᠢ ᠱᠠᠭᠠᠷᠲᠠᠯᠭ᠎ᠠ ᠲᠤᠷᠠᠳᠴᠠᠢ᠃

    ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭ᠋ᠤ ᠶᠢᠨ ᠬᠤᠷᠢᠶ᠎ᠠ ( ᠠᠵᠢᠯ ᠤᠨ ᠬᠤᠷᠢᠶ᠎ᠠ᠎) ᠶᠢᠨ ᠡᠷᠬᠢᠯᠡᠭᠴᠢ᠂ ᠤᠯᠤᠰ ᠲᠦᠷᠦ ᠶᠢᠨ ᠵᠦᠪᠯᠯᠡᠭᠡᠨ ᠤ ᠲᠡᠷᠢᠬᠦᠯᠡᠭᠴᠢ᠂ ᠵᠤᠬᠢᠶᠠᠨ ᠪᠠᠶᠢᠭᠤᠯᠬᠤ ᠬᠡᠯᠲᠡᠰ ᠤᠨ ᠲᠠᠷᠤᠭ᠎ᠠ᠂ ᠨᠢᠭᠡᠲᠦᠮᠡᠯ ᠹᠷᠤᠨᠲ ᠤᠨ ᠬᠡᠯᠲᠡᠰ ᠤᠨ ᠲᠠᠷᠤᠭ᠎ᠠ᠂ ᠡᠯ᠎ᠡ ᠬᠤᠰᠢᠭᠤ ᠰᠢᠶᠠᠨ ( ᠬᠤᠲᠠ᠂ ᠲᠤᠭᠤᠷᠢᠭ ) ᠤ ᠨᠠᠮ ᠤᠨ ᠬᠤᠷᠢᠶ᠎ᠠ ᠶᠢᠨ ᠱᠦᠵᠢ᠂ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠲᠡᠰ᠂ ᠨᠢᠭᠡᠲᠦᠮᠡᠯ ᠹᠷᠤᠨᠲ ᠤᠨ ᠬᠡᠯᠲᠡᠰ᠂ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭ᠋ᠤ ᠶᠢᠨ ᠬᠤᠷᠢᠶ᠎ᠠ ( ᠠᠵᠢᠯ ᠤᠨ ᠬᠤᠷᠢᠶ᠎ᠠ ) ᠶᠢᠨ ᠲᠦᠯᠦᠭᠡᠯᠡᠭᠴᠢ ᠰᠤᠩᠭ᠋ᠤᠭᠤᠯᠢ ᠶᠢᠨ ᠠᠵᠢᠯ ᠤᠨ ᠵᠦᠪᠯᠡᠯ ᠤᠨ ᠬᠠᠮᠢᠶ᠎ᠠ ᠪᠦᠬᠦᠢ ᠨᠦᠬᠦᠳ᠂ ᠦᠪᠡᠷᠲᠡᠭᠡᠨ ᠵᠠᠰᠠᠬᠤ ᠤᠷᠤᠨ ᠤ ᠬᠤᠭᠤᠴᠠᠭ᠎ᠠ ᠰᠤᠯᠢᠬᠤ ᠠᠵᠢᠯ ᠢ ᠤᠲᠤᠷᠢᠳᠬᠤ ᠲᠤᠭᠤᠶᠢᠯᠠᠩ ᠤᠨ ᠠᠯᠪᠠᠨ ᠭᠡᠷ ᠤᠨ ᠪᠦᠬᠦ ᠪᠦᠷᠢᠯᠲᠦᠬᠦᠨ᠂ ᠦᠪᠡᠷᠲᠡᠭᠡᠨ ᠵᠠᠰᠠᠬᠤ ᠤᠷᠤᠨ ᠡᠴᠡ ᠠᠶᠢᠮᠠᠭ ᠬᠤᠲᠠ ᠳ᠋ᠤ ᠲᠤᠮᠢᠯᠠᠨ ᠰᠠᠭᠤᠯᠭᠠᠭᠰᠠᠨ ᠬᠤᠭᠤᠴᠠᠭ᠎ᠠ ᠰᠤᠯᠢᠬᠤ ᠠᠵᠢᠯ ᠢ ᠵᠢᠯᠤᠭᠤᠳᠴᠤ ᠱᠠᠯᠠᠪᠲᠠᠭᠤᠯᠤᠨ ᠪᠠᠶᠢᠴᠠᠭᠠᠬᠤ ᠲᠤᠭᠤᠶᠢᠯᠠᠩ ᠤᠨ ᠪᠦᠬᠦ ᠪᠦᠷᠢᠯᠲᠦᠬᠦᠨ ᠬᠤᠷᠠᠯ ᠳ᠋ᠤ ᠤᠷᠤᠯᠴᠠᠵᠠᠢ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121557303