蒙古文网站Logo
ᠰᠢᠨᠬᠤᠸᠠ ᠮᠤᠩᠭ᠋ᠤᠯ ᠨᠧᠲ

ᠢ ᠯᠢ 2022 ᠤᠨ ᠤ ᠪᠡᠭᠡᠵᠢᠩ ᠤᠨ ᠡᠪᠤᠯ ᠤᠨ ᠤᠯᠢᠮᠫᠢᠺ ᠤᠨ ᠴᠢᠭᠤᠯᠭᠠᠨ ᠤ ᠰᠦᠨ ᠪᠦᠲᠦᠭᠡᠭ᠍ᠲᠡᠬᠦᠨ ᠢ ᠬᠠᠩᠭ᠋ᠠᠬᠤ ᠠᠵᠢᠯᠯᠠᠭᠠᠨ ᠤ ᠭᠡᠷ᠎ᠠ ᠪᠠᠶᠢᠭᠤᠯᠪᠠ

2017-08-31 11:38

    8 ᠰᠠᠷ᠎ᠠ ᠶᠢᠨ 30 ᠤ ᠡᠳᠦᠷ ᠤᠨ ᠦᠳᠡ ᠡᠴᠡ ᠡᠮᠦᠨ᠎ᠠ᠂ ᠪᠡᠭᠡᠵᠢᠩ ᠤᠨ ᠡᠪᠤᠯ ᠤᠨ ᠤᠯᠢᠮᠫᠢᠺ ᠤᠨ ᠴᠢᠭᠤᠯᠭᠠᠨ ᠤ ᠵᠤᠬᠢᠶᠠᠨ ᠪᠠᠶᠢᠭᠤᠯᠬᠤ ᠺᠤᠮᠢᠰ ᠢ ᠯᠢ ᠪᠦᠯᠦᠭᠯᠡᠯ ᠲᠠᠢ ᠠᠯᠪᠠᠨ ᠶᠤᠰᠤᠭᠠᠷ ᠭᠡᠷ᠎ᠠ ᠪᠠᠶᠢᠭᠤᠯᠪᠠ᠃ ᠢ ᠯᠢ ᠪᠦᠯᠦᠭᠯᠡᠯ ᠪᠡᠭᠡᠵᠢᠩ ᠤᠨ 2022 ᠤᠨ ᠤ ᠡᠪᠤᠯ ᠤᠨ ᠤᠯᠢᠮᠫᠢᠺ ᠤᠨ ᠴᠢᠭᠤᠯᠭᠠᠨ ᠪᠤᠯᠤᠨ ᠬᠦᠭ᠍ᠵᠢᠯ ᠤᠨ ᠪᠡᠷᠬᠡᠰᠢᠶᠡᠯᠲᠤ ᠬᠦᠮᠦᠰ ᠤᠨ ᠤᠯᠢᠮᠫᠢᠺ ᠤᠨ ᠴᠢᠭᠤᠯᠭᠠᠨ ᠤ ᠰᠦᠨ ᠪᠦᠲᠦᠭᠡᠭ᠍ᠲᠡᠬᠦᠨ ᠢ ᠬᠠᠩᠭ᠋ᠠᠬᠤ ᠴᠤᠷ ᠤᠨ ᠭᠠᠭᠴᠠ ᠬᠠᠮᠲᠤ ᠶᠢᠨ ᠠᠵᠢᠯᠯᠠᠭᠠᠨ ᠤ ᠡᠲᠡᠭᠡᠳ ᠪᠤᠯᠤᠭᠰᠠᠨ ᠢ ᠵᠡᠷᠯᠡᠵᠤ ᠪᠠᠶᠢᠨ᠎ᠠ᠃

    ᠪᠡᠭᠡᠵᠢᠩ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠤᠷᠤᠯᠠᠭᠴᠢ ᠳᠠᠷᠤᠭ᠎ᠠ᠂ ᠪᠡᠭᠡᠵᠢᠩ ᠤᠨ ᠡᠪᠤᠯ ᠤᠨ ᠤᠯᠢᠮᠫᠢᠺ ᠤᠨ ᠴᠢᠭᠤᠯᠭᠠᠨ ᠤ ᠭᠦᠢᠴᠡᠳᠭᠡᠭ᠍ᠴᠢ ᠲᠡᠷᠢᠭᠦᠯᠡᠭᠴᠢ ᠴᠸᠨ ᠵᠢᠢ ᠨᠢᠩ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭ᠋ᠤ ᠶᠢᠨ ᠭᠡᠰᠢᠭᠦᠨ᠂ ᠬᠦᠬᠡᠬᠤᠲᠠ ᠶᠢᠨ ᠨᠠᠮ ᠤᠨ ᠬᠤᠷᠢᠶᠠᠨ ᠤ ᠱᠦᠵᠢ ᠶᠦᠨ ᠭᠤᠸᠠᠩ ᠵᠦᠩ ᠨᠠᠷ ᠬᠤᠷᠠᠯ ᠳᠤ ᠤᠷᠤᠯᠴᠠᠪᠠ᠃

    ᠢ ᠯᠢ ᠳᠠᠬᠢᠨᠲᠠ ᠤᠯᠢᠮᠫᠢᠺ ᠤᠨ ᠴᠢᠭᠤᠯᠭᠠᠨ ᠤ ᠰᠦᠨ ᠪᠦᠲᠦᠭᠡᠭ᠍ᠲᠡᠬᠦᠨ ᠤ ᠬᠠᠨᠭᠭᠠᠬᠴᠢ ᠪᠤᠯᠵᠤ᠂ ᠳᠡᠯᠡᠬᠡᠢ ᠳᠠᠶᠠᠭᠠᠷ ᠤᠨ ᠴᠤᠷ ᠤᠨ ᠭᠠᠭᠴᠠ ᠵᠤᠨ ᠤ ᠤᠯᠢᠮᠫᠢᠺ ᠤᠨ ᠴᠢᠭᠤᠯᠭᠠᠨ ᠬᠢᠭᠡᠳ ᠡᠪᠤᠯ ᠤᠨ ᠤᠯᠢᠮᠫᠢᠺ ᠤᠨ ᠴᠢᠭᠤᠯᠭᠠᠨ ᠳᠤ ᠦᠢᠯᠡᠴᠢᠯᠡᠳᠡᠭ ᠡᠷᠡᠭᠦᠯ ᠬᠦᠨᠡᠰᠤᠨ ᠤ ᠠᠵᠤ ᠠᠬᠤᠶᠢᠯᠠᠯ ᠪᠤᠯᠤᠨ ᠳᠤᠮᠳᠠᠳᠤ ᠶᠢᠨ ᠰᠦᠨ ᠤ ᠦᠢᠯᠡᠰ ᠤᠨ ᠰᠢᠨ᠎ᠠ ᠬᠦᠰᠢᠶ᠎ᠠ ᠶᠢ ᠰᠡᠬᠦᠪᠡ᠃

    ᠡᠪᠤᠯ ᠤᠨ ᠤᠯᠢᠮᠫᠢᠺ ᠤᠨ ᠴᠢᠭᠤᠯᠭᠠᠨ ᠤ ᠬᠤᠭᠤᠴᠠᠭᠠᠨ ᠳᠤ᠂ ᠢ ᠯᠢ ᠳᠡᠯᠡᠬᠡᠢ ᠶᠢᠨ ᠡᠯ᠎ᠠ ᠪᠦᠰᠡ ᠨᠤᠲᠤᠭ ᠡᠴᠡ ᠬᠦᠷᠦᠯᠴᠡᠨ ᠢᠷᠡᠭᠰᠡᠨ ᠬᠦᠨᠳᠦᠲᠤ ᠵᠤᠴᠢᠳ ᠲᠤ ᠲᠡᠷᠢᠭᠦᠨ ᠤ ᠪᠦᠲᠦᠭᠡᠭ᠍ᠲᠡᠬᠦᠨ ᠪᠤᠯᠤᠨ ᠲᠡᠷᠢᠭᠦᠨ ᠤ ᠦᠢᠯᠡᠴᠢᠯᠡᠭᠡ ᠬᠠᠩᠭ᠋ᠠᠬᠤ ᠪᠤᠯᠤᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121577287