蒙古文网站Logo
ᠰᠢᠨᠬᠤᠸᠠ ᠮᠤᠩᠭ᠋ᠤᠯ ᠨᠧᠲ

ᠤᠯᠤᠰ ᠤᠨ ᠦᠮᠴᠢᠯᠡᠯ ᠤᠨ ᠡᠳ᠋ ᠬᠦᠷᠦᠩᠭᠡ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠦᠭᠡᠷᠡᠴᠢᠯᠡᠯᠳᠡ ᠶᠢ ᠡᠷᠡᠰ ᠭᠤᠶᠢᠪᠢᠰᠢ ᠦᠭᠡᠢ ᠬᠦᠨᠵᠡᠭᠡᠶᠢᠷᠡᠭᠦᠯᠵᠤ ᠪᠤᠭᠤᠳᠤ ᠬᠤᠳᠠ ᠶᠢᠨ ᠠᠵᠤ ᠠᠬᠤᠢ ᠨᠡᠶᠢᠭᠡᠮ ᠤᠨ ᠬᠦᠭ᠍ᠵᠢᠯᠳᠡ ᠶᠢᠨ ᠦᠷᠭᠦᠯᠵᠢᠯᠡᠨ ᠡᠷᠡᠭᠦᠯ ᠢᠶᠠᠷ ᠬᠦᠭ᠍ᠵᠢᠭᠦ ᠶᠢ ᠠᠬᠢᠭᠤᠯᠬᠤ ᠬᠡᠷᠡᠭᠳᠡᠢ

2017-08-31 17:19

    8 ᠰᠠᠷ᠎ᠠ ᠶᠢᠨ 30 ᠤ ᠡᠳᠦᠷ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠪᠤᠭᠤᠳᠤ ᠬᠤᠳᠠ ᠳᠤᠤᠯᠤᠰ ᠤᠨ ᠦᠮᠴᠢᠯᠡᠯ ᠤᠨ ᠡᠳ᠋ ᠬᠦᠷᠦᠩᠭᠡ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠦᠭᠡᠷᠡᠴᠢᠯᠡᠯᠳᠡ ᠶᠢᠨ ᠪᠠᠶᠢᠳᠠᠯ ᠢᠪᠠᠶᠢᠴᠠᠭᠠᠨ ᠰᠤᠳᠤᠯᠪᠠ᠃ ᠳᠡᠷᠡ᠂ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠦᠮᠴᠢᠯᠡᠯ ᠤᠨ ᠡᠳ᠋ ᠬᠦᠷᠦᠩᠭᠡ ᠤᠯᠤᠰ ᠤᠨᠦᠮᠴᠢᠯᠡᠯ ᠤᠨ ᠠᠵᠤ ᠠᠬᠤᠢᠢᠯᠠᠯ ᠤᠨ ᠦᠭᠡᠷᠡᠴᠢᠯᠡᠯᠳᠡ ᠬᠦᠭ᠍ᠵᠢᠯᠳᠡ ᠶᠢᠨ ᠲᠤᠬᠠᠢ ᠴᠢᠬᠤᠯᠠ ᠦᠭᠦᠯᠡᠯᠳᠡ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠨᠡᠩ ᠬᠦᠴᠦᠨ ᠪᠦᠬᠦᠢ ᠪᠦᠳᠦᠮᠵᠢᠳᠡᠢ ᠠᠷᠭ᠎ᠠ ᠬᠡᠮᠵᠢᠶ᠎ᠠ ᠠᠪᠴᠤ᠂ ᠤᠯᠤᠰ ᠤᠨ ᠦᠮᠴᠢᠯᠡᠯ ᠤᠨ ᠠᠵᠤ  ᠠᠬᠤᠢᠢᠯᠠᠯ ᠤᠨ ᠦᠭᠡᠷᠡᠴᠢᠯᠡᠯᠳᠡ ᠬᠦᠭ᠍ᠵᠢᠯᠳᠡ ᠨᠡᠩ ᠶᠡᠭᠡ ᠰᠢᠪᠳᠤᠯᠤᠯᠳᠠ ᠲᠠᠢ ᠪᠣᠯᠬᠤ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭ᠍ᠵᠢᠭᠦ ᠳᠤ ᠬᠦᠴᠦᠨ ᠪᠦᠬᠦᠢ ᠲᠤᠯᠭᠠᠭᠤᠷᠢᠯᠠᠯ ᠬᠠᠩᠭ᠋ᠠᠬᠤ ᠬᠡᠷᠡᠭᠳᠡᠢ ᠬᠡᠵᠤ ᠴᠢᠬᠤᠯᠠᠴᠢᠯᠠᠪᠠ᠃       

    ᠪᠤᠭᠤᠳᠤ ᠶᠢᠨ ᠪᠤᠯᠤᠳ ᠲᠡᠮᠦᠷ ᠤᠨ ᠪᠦᠯᠦᠭᠯᠡᠯ ᠺᠤᠮᠫᠠᠨᠢ ᠪᠤᠯ ᠦᠪᠡᠷᠳᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠤᠯᠤᠰ ᠤᠨ ᠦᠮᠴᠢᠯᠡᠯ ᠤᠨ ᠠᠵᠤ ᠠᠬᠤᠢᠢᠯᠠᠯ ᠪᠤᠯᠤᠨ᠎ᠠ᠃ ᠯᠢ ᠵᠢᠢ ᠾᠧᠩ ᠪᠤᠭᠤᠳᠤ ᠶᠢᠨ ᠪᠤᠯᠤᠳ ᠲᠡᠮᠦᠷ ᠤᠨ ᠪᠦᠯᠦᠭᠯᠡᠯ ᠺᠤᠮᠫᠠᠨᠢ ᠶᠢᠨ ᠦᠭᠡᠷᠡᠴᠢᠯᠡᠯᠳᠡ ᠬᠦᠭ᠍ᠵᠢᠯᠳᠡ ᠶᠢ ᠲᠦᠢᠯ ᠢᠶᠠᠷ ᠬᠠᠯᠠᠮᠵᠢᠯᠠᠨ᠎ᠠ᠃ ᠲᠡᠷᠡ ᠪᠤᠭᠤᠳᠤ ᠶᠢᠨ ᠪᠤᠯᠤᠳ ᠲᠡᠮᠦᠷ ᠤᠨ ᠭᠠᠩ ᠯᠢᠶᠠᠨ ᠬᠤᠪᠢᠤᠷᠤᠭᠤᠯᠤᠬᠰᠠᠨ ᠬᠢᠵᠠᠭᠠᠷᠳᠤ ᠺᠤᠮᠫᠠᠨᠢ ᠶᠢᠨ ᠪᠤᠯᠤᠳ ᠬᠤᠭᠤᠯᠠᠢ ᠶᠢᠨ ᠺᠤᠮᠫᠠᠨᠢ ᠶᠢᠨ ᠬᠠᠯᠠᠭᠤᠨ ᠢᠶᠠᠷ ᠬᠡᠪᠰᠢᠭᠦᠯᠬᠦ ᠦᠢᠯᠡᠳᠪᠦᠷᠢᠯᠡᠯ ᠤᠨ  ᠱᠤᠭᠤᠮ ᠳᠤ ᠬᠦᠷᠴᠤ᠂ ᠦᠢᠯᠡᠳᠪᠦᠷᠢᠯᠡᠯ ᠤᠨ ᠤᠷ᠎ᠠ ᠮᠡᠷᠭᠡᠵᠢᠯ ᠤᠨ ᠡᠮᠬᠢ ᠳᠠᠷᠠᠭᠠᠯᠠᠯ᠂ ᠦᠢᠯᠡᠳᠭᠦᠨ ᠤ ᠲᠦᠷᠦᠯ ᠬᠡᠯᠪᠡᠷᠢ ᠪᠠ ᠵᠠᠬ᠎ᠠ ᠲᠡᠯᠭᠡᠭᠦᠷ ᠤᠨ ᠪᠤᠷᠤᠯᠠᠭᠤᠯᠤᠯᠳᠠ ᠶᠢᠨ ᠵᠠᠮ ᠢ ᠨᠠᠷᠢᠨ ᠤᠢᠢᠯᠠᠭᠠᠵᠤ᠂ ᠨᠢᠭᠡᠳᠦᠭᠡᠷ ᠹᠷᠤᠨᠲ ᠤᠨ ᠮᠡᠷᠭᠡᠵᠢᠯᠳᠡᠳ ᠲᠠᠢ ᠲᠤᠳᠤᠨᠤ ᠪᠠᠷ  ᠶᠠᠷᠢᠯᠴᠠᠪᠠ᠃

    ᠲᠡᠷᠡ ᠤᠯᠠᠨ ᠢᠶᠠᠷ ᠢᠶᠠᠨ ᠵᠠᠬ᠎ᠠ ᠲᠡᠯᠭᠡᠭᠦᠷ ᠢ ᠦᠷᠭᠡᠳᠭᠡᠭᠦ ᠠᠵᠢᠯ ᠤᠨ ᠡᠷᠴᠢᠮ ᠢᠶᠠᠨ ᠴᠢᠩᠭ᠋ᠠᠷᠠᠭᠤᠯᠵᠤ᠂ ᠮᠡᠷᠭᠡᠵᠢᠯ ᠤᠨ  ᠰᠢᠨ᠎ᠠ ᠶᠢ ᠡᠭᠦᠳᠭᠦ ᠶᠢ ᠦᠷᠭᠦᠯᠵᠢᠯᠡᠨ ᠠᠬᠢᠭᠤᠯᠵᠤ᠂ ᠠᠵᠤ ᠠᠬᠤᠢᠢᠯᠠᠯ ᠤᠨ ᠭᠤᠤᠯᠯᠠᠬᠤ ᠦᠷᠢᠰᠦᠯᠳᠦᠭᠦ ᠬᠦᠴᠦᠨ ᠢᠶᠠᠨ ᠲᠠᠰᠤᠷᠠᠯᠳᠠ  ᠦᠭᠡᠢ ᠲᠡᠭᠡᠭ᠍ᠰᠢᠯᠡᠭᠦᠯᠦᠭᠡᠷᠡᠢ ᠬᠡᠵᠤ ᠵᠤᠷᠢᠬᠵᠢᠭᠤᠯᠪᠠ᠃  ᠳᠠᠷᠠᠭ᠎ᠠ ᠪᠠᠷ ᠨᠢ᠂ ᠯᠢ ᠵᠢᠢ ᠾᠧᠩ ᠪᠤᠭᠤᠳᠤ ᠶᠢᠨ ᠪᠤᠯᠤᠳ ᠲᠡᠮᠦᠷ ᠤᠨ ᠪᠦᠯᠦᠭᠯᠡᠯ ᠺᠤᠮᠫᠠᠨᠢ ᠶᠢᠨ ᠬᠤᠷᠠᠯ ᠦᠵᠡᠰᠭᠦᠯᠡᠩ ᠤᠨ ᠲᠦᠪ ᠲᠤ ᠤᠯᠤᠰ ᠤᠨ ᠦᠮᠴᠢᠯᠡᠯ ᠤᠨ ᠡᠳ᠋ ᠬᠦᠷᠦᠩᠭᠡ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠦᠭᠡᠷᠡᠴᠢᠯᠡᠯᠳᠡ ᠶᠢᠨᠶᠠᠷᠢᠯᠴᠬᠠᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠪᠤᠭᠤᠳᠤ ᠳᠤ ᠰᠠᠭᠤᠭ᠎ᠠ ᠠᠵᠤ  ᠠᠬᠤᠢᠢᠯᠠᠯ ᠵᠢᠴᠢ ᠬᠤᠳᠠ ᠶᠢᠨ ᠬᠠᠷᠢᠶ᠎ᠠ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠲᠦᠯᠦᠭᠡᠯᠡᠭᠴᠢᠳ ᠤᠨ ᠤᠯᠤᠰ ᠤᠨ ᠦᠮᠴᠢᠯᠡᠯ ᠤᠨ ᠡᠳ᠋ ᠬᠦᠷᠦᠩᠭᠡ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠦᠭᠡᠷᠡᠴᠢᠯᠡᠯᠳᠡ ᠬᠦᠭ᠍ᠵᠢᠯᠳᠡ ᠶᠢᠨ ᠲᠤᠬᠠᠢ ᠰᠠᠨᠠᠯ  ᠰᠠᠨᠠᠭᠤᠯᠭ᠎ᠠ ᠶᠢ ᠬᠢᠨᠠᠮᠠᠭᠠᠢ ᠰᠤᠨᠤᠰᠪᠠ᠃ ᠲᠡᠷᠡ᠂ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠦᠭᠡᠷᠡᠴᠢᠯᠡᠯᠳᠡ ᠬᠦᠭ᠍ᠵᠢᠯᠳᠡ ᠶᠢ ᠲᠦᠷᠭᠡᠳᠭᠡᠨ ᠠᠬᠢᠭᠤᠯᠬᠤ ᠨᠢ᠂ ᠴᠢᠬᠤᠯᠠ ᠤᠯᠤᠰ ᠲᠦᠷᠦ ᠶᠢᠨ ᠡᠭᠦᠷᠭᠡ ᠪᠣᠯᠬᠤ ᠪᠠᠷ ᠪᠠᠷᠠᠬᠤ ᠦᠭᠡᠢ ᠪᠠᠰᠠ ᠯᠤᠳᠤᠶᠡᠭᠡ ᠬᠦᠭ᠍ᠵᠢᠯᠳᠡ ᠶᠢᠨ ᠬᠦᠳᠡᠯᠭᠡᠭ᠍ᠴᠢ ᠡᠨᠧᠷᠬᠢ ᠬᠠᠳᠠᠭᠠᠯᠠᠭᠳᠠᠵᠣ ᠪᠤᠢ᠃ ᠤᠯᠤᠰ ᠤᠨ ᠦᠮᠴᠢᠯᠠᠯ ᠤᠨ ᠠᠵᠤ ᠠᠬᠤᠢᠢᠯᠠᠯ ᠤᠨ ᠦᠭᠡᠷᠡᠴᠢᠯᠡᠯᠳᠡ ᠶᠢ ᠡᠷᠡᠰ ᠭᠤᠶᠢᠪᠢᠰᠢ ᠦᠭᠡᠢ ᠬᠦᠨᠵᠡᠭᠡᠶᠢᠷᠡᠭᠦᠯᠵᠤ᠂ ᠠᠵᠤ ᠠᠬᠤᠢᠢᠯᠠᠯ ᠤᠨ ᠵᠠᠬ᠎ᠠ ᠲᠡᠯᠭᠡᠭᠦᠷ ᠤᠨ ᠦᠷᠢᠰᠦᠯᠳᠦᠭᠦ  ᠬᠦᠴᠦᠨ ᠪᠠ ᠬᠦᠭ᠍ᠵᠢᠯᠳᠡ ᠶᠢ ᠬᠦᠳᠦᠯᠦᠨ ᠲᠠᠭᠠᠭᠤᠯᠬᠤ ᠴᠢᠳᠠᠪᠤᠷᠢ ᠶᠢ ᠲᠠᠰᠤᠷᠠᠯᠳᠠ ᠦᠭᠡᠢ ᠴᠢᠩᠭ᠋ᠠᠷᠠᠭᠤᠯᠬᠤ ᠬᠡᠷᠡᠭᠳᠡᠢᠬᠠᠩᠭ᠋ᠠᠯᠭ᠎ᠠ ᠶᠢᠨᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠯᠠᠪᠳᠠᠭᠤᠨ ᠪᠠᠳᠤᠳᠠᠢ ᠠᠬᠢᠭᠤᠯᠵᠤ᠂ ᠤᠯᠤᠰ ᠤᠨ  ᠦᠮᠴᠢᠯᠡᠯ ᠤᠨ ᠡᠳ᠋ ᠬᠦᠷᠦᠩᠬᠡ ᠶᠢᠨ ᠡᠷᠭᠢᠯᠳᠡ ᠶᠢᠨ ᠦᠷ᠎ᠠ ᠠᠰᠢᠭ ᠪᠤᠯᠤᠨ ᠠᠰᠢᠭ ᠤᠯᠵᠠᠪᠤᠷᠢ ᠶᠢᠨ ᠲᠦᠪᠰᠢᠨ ᠢ ᠪᠦᠬᠦ ᠲᠠᠯ᠎ᠠ ᠪᠠᠷᠲᠡᠭᠡᠭ᠍ᠰᠢᠯᠡᠭᠦᠯᠭᠦ ᠬᠡᠷᠡᠭᠳᠡᠢ;ᠰᠢᠨ᠎ᠠ ᠶᠢ ᠡᠭᠦᠳᠭᠦ ᠪᠠᠷ ᠬᠦᠳᠡᠯᠭᠡᠭᠦᠷ ᠪᠣᠯᠭᠠᠬᠤ ᠬᠦᠭ᠍ᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠭᠦᠯᠵᠤ᠂ ᠰᠢᠨ᠎ᠠ ᠶᠢ ᠡᠭᠦᠳᠦᠭᠰᠡᠨ ᠬᠦᠳᠡᠯᠭᠡᠭᠦᠷ ᠲᠤ ᠨᠡᠩ ᠢᠯᠡᠭᠦᠦ ᠲᠦᠰᠢᠭᠯᠡᠭᠦ᠂ ᠲᠠᠪᠠᠭᠤᠯᠢᠭ ᠢᠶᠠᠨ ᠨᠡᠩ ᠢᠯᠡᠭᠦᠦ  ᠪᠠᠳᠠᠷᠠᠭᠤᠯᠬᠤ ᠬᠦᠳᠦᠯᠦᠨ ᠲᠠᠭᠠᠭᠤᠯᠬᠤ ᠮᠠᠶ᠊ᠢᠭ ᠤᠨ ᠬᠦᠭ᠍ᠵᠢᠯᠳᠡ ᠶᠢ ᠪᠤᠢ ᠪᠤᠯᠭᠠᠬᠤ ᠬᠡᠷᠡᠭᠳᠡᠢ;ᠨᠡᠭᠡᠭᠡᠯᠳᠡ ᠪᠠᠨ ᠦᠷᠭᠡᠳᠭᠡᠭᠦ ᠪᠠᠷ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠦᠭᠡᠷᠡᠴᠢᠯᠡᠯᠳᠡ ᠬᠦᠭ᠍ᠵᠢᠯᠳᠡ ᠶᠢ ᠲᠠᠶᠢᠴᠢᠯᠡᠵᠤ᠂ ᠨᠡᠭᠡᠭᠡᠯᠳᠡ ᠪᠠᠨ ᠦᠷᠭᠡᠳᠭᠡᠭᠦ ᠲᠤᠮᠳᠠ ᠬᠦᠭ᠍ᠵᠢᠯᠳᠡ ᠶᠢᠨ ᠲᠦᠪᠰᠢᠨ ᠢᠶᠠᠨ ᠲᠡᠭᠡᠭ᠍ᠰᠢᠯᠡᠭᠦᠯᠭᠦ ᠬᠡᠷᠡᠭᠳᠡᠢ;ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠲᠦᠭᠰᠢᠭᠦᠷᠢ ᠶᠢ ᠬᠦᠴᠦᠯᠡᠨ ᠰᠡᠷᠬᠡᠶᠢᠯᠡᠨ ᠨᠠᠮᠳᠠᠭᠤᠯᠵᠤ᠂ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢ ᠠᠮᠣᠷ ᠲᠦᠪᠰᠢᠨ ᠢᠶᠠᠷ ᠠᠵᠢᠯᠯᠠᠭᠤᠯᠬᠤ ᠲᠦᠪᠰᠢᠨ ᠢ ᠲᠡᠭᠡᠭ᠍ᠰᠢᠯᠡᠭᠦᠯᠭᠦ ᠬᠡᠷᠡᠭᠳᠡᠢ;ᠤᠯᠤᠰ ᠤᠨ ᠦᠮᠴᠢᠯᠡᠯ ᠤᠨ ᠠᠵᠤ ᠠᠬᠤᠢᠢᠯᠠᠯ ᠳᠠᠬᠢ ᠨᠠᠮ ᠤᠨ ᠤᠳᠤᠷᠢᠳᠤᠯᠭ᠎ᠠ ᠶᠢ ᠴᠢᠩᠭ᠋ᠠᠳᠬᠠᠵᠤ᠂ ᠨᠠᠮ ᠤᠨ ᠤᠯᠤᠰ ᠲᠦᠷᠦ ᠶᠢᠨ ᠲᠠᠪᠠᠭᠤᠯᠢᠭ ᠪᠠ ᠵᠤᠬᠢᠶᠠᠨ ᠪᠠᠶᠢᠭᠤᠯᠤᠯᠳᠠ ᠶᠢᠨ ᠲᠠᠪᠠᠭᠤᠯᠢᠭ ᠢᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠦᠷᠢᠰᠦᠯᠳᠦᠭᠦ ᠲᠠᠪᠠᠭᠤᠯᠢᠭ ᠪᠤᠯᠤᠨ ᠬᠦᠭ᠍ᠵᠢᠯᠳᠡ ᠶᠢᠨ ᠲᠠᠪᠠᠭᠤᠯᠢᠭ ᠪᠤᠯᠭᠠᠬᠤᠬᠡᠷᠡᠭᠳᠡᠢ ᠬᠡᠵᠤ ᠵᠢᠭᠠᠵᠤ ᠭᠠᠷᠭᠠᠪᠠ᠃     

    ᠯᠢ ᠵᠢᠢ ᠾᠧᠩ᠂ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤᠯᠤᠰ ᠤᠨ ᠦᠮᠴᠢᠯᠠᠯ ᠤᠨ ᠠᠵᠤ  ᠠᠬᠤᠢᠢᠯᠠᠯ ᠤᠨ ᠦᠭᠡᠷᠡᠴᠢᠯᠡᠯᠳᠡ ᠬᠦᠭ᠍᠍ᠵᠢᠯᠳᠡ ᠶᠢ ᠲᠡᠭᠡᠳᠦ ᠬᠡᠮᠵᠢᠶ᠎ᠠ ᠪᠠᠷ ᠬᠦᠨᠳᠦᠳᠭᠡᠵᠤ᠂ ᠠᠵᠤ ᠠᠬᠤᠢᠢᠯᠠᠯ ᠤᠨ ᠲᠦᠯᠦᠭᠡ ᠰᠡᠳᠬᠢᠨ ᠪᠤᠳᠤᠵᠤ᠂ ᠠᠵᠤ ᠠᠬᠤᠢᠢᠯᠠᠯ ᠤᠨ ᠪᠣᠳᠣᠵᠣ ᠪᠠᠶᠢᠭ᠎ᠠ ᠶᠠᠪᠣᠳᠠᠯ ᠢ ᠢᠯᠡᠭᠦᠤ ᠪᠣᠳᠣᠵᠣ᠂ ᠠᠵᠣ ᠠᠬᠤᠢᠢᠯᠠᠯ ᠤᠨ ᠲᠤᠯᠭᠠᠮ᠎ᠠᠰᠢᠢᠳᠪᠦᠷᠢᠯᠡᠬᠦ ᠠᠰᠠᠭᠤᠳᠠᠯ ᠢ ᠢᠯᠡᠭᠦᠤ ᠰᠢᠢᠳᠪᠦᠷᠢᠯᠡᠵᠦ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠪᠠᠨ ᠴᠢᠨᠠᠬᠰᠢᠳᠠ ᠲᠡᠭᠦᠯᠳᠡᠷᠵᠢᠭᠦᠯᠦᠨ᠂ ᠲᠡᠮᠵᠢᠯᠭᠡ ᠶᠢᠨ ᠡᠷᠴᠢᠮ ᠢᠶᠠᠨ ᠴᠢᠩᠭ᠋ᠠᠷᠠᠭᠤᠯᠵᠤ᠂ ᠬᠢᠨᠠᠨ ᠬᠠᠮᠢᠶᠠᠷᠬᠤ ᠠᠵᠢᠯ ᠢ ᠰᠠᠶᠢᠳᠤᠷ ᠬᠢᠵᠤ᠂ ᠠᠵᠤᠠᠬᠤᠢᠢᠯᠠᠯ ᠢ ᠬᠠᠪᠰᠤᠷᠤᠨ ᠦᠨᠡᠨᠭᠦ ᠠᠰᠠᠭᠤᠳᠠᠯ ᠢ ᠨᠢ ᠰᠢᠢᠳᠪᠦᠷᠢᠯᠡᠨ ᠦᠭᠴᠦ᠂ ᠬᠦᠴᠢᠷ ᠪᠡᠷᠬᠡ ᠶᠢ ᠲᠤᠭᠤᠯᠠᠭᠤᠯᠵᠦ᠂ ᠠᠵᠤᠠᠬᠤᠢᠢᠯᠠᠯ ᠤᠨ ᠲᠠᠷᠤᠭᠠᠰᠦ ᠶᠢ ᠬᠦᠩᠭᠡᠷᠡᠭᠦᠯᠵᠤ᠂ ᠠᠵᠤ ᠠᠬᠤᠢᠢᠯᠠᠯ ᠢ ᠬᠠᠪᠰᠤᠷᠤᠨ ᠬᠦᠴᠦᠷᠭᠡᠭ᠍ᠵᠢᠭᠦᠯᠵᠤ ᠰᠢᠯᠢᠳᠡᠭᠵᠢᠭᠦᠯᠵᠤ  ᠪᠤᠵᠠᠭᠠᠢᠢᠷᠠᠭᠤᠯᠬᠤ ᠬᠡᠷᠡᠭᠳᠡᠢ᠃ 《ᠬᠤᠶᠠᠷ ᠡᠷᠡᠰ ᠭᠤᠶᠢᠪᠢᠰᠢ ᠦᠭᠡᠢ》ᠴᠢᠭᠯᠡᠯᠳᠡ ᠶᠢ ᠬᠢᠨᠠᠮᠠᠭᠠᠢ ᠲᠤᠤᠱᠯᠠᠭᠤᠯᠵᠤ᠂ ᠨᠡᠶᠢᠳᠡ ᠶᠢᠨ ᠦᠮᠴᠢᠯᠡᠯ ᠤᠨ ᠪᠣᠰᠣ ᠠᠵᠤ ᠠᠬᠤᠢᠢᠯᠠᠯ ᠤᠨ ᠬᠦᠭ᠍ᠵᠢᠯᠳᠡ ᠶᠢ ᠶᠡᠭᠡᠪᠡᠷ ᠲᠡᠮᠵᠢᠵᠤ᠂ ᠠᠷᠠᠳ ᠤᠨ ᠲᠤᠮᠳᠠᠬᠢ ᠪᠡᠯᠡ ᠤᠷᠤᠭᠤᠯᠬᠤᠨᠦᠬᠡᠴᠡ ᠬᠦᠴᠦᠨ ᠢ ᠬᠦᠢᠴᠡᠳ ᠬᠦᠭ᠍ᠵᠢᠭᠡᠵᠤ᠂ ᠨᠡᠶᠢᠳᠡ ᠶᠢᠨ ᠦᠮᠴᠢᠯᠡᠯ ᠤᠨ ᠠᠵᠤ ᠠᠬᠤᠢ ᠪᠠ ᠨᠡᠶᠢᠳᠡ ᠶᠢᠨ ᠦᠮᠴᠢᠯᠡᠯ ᠤᠨ ᠪᠣᠰᠣ ᠠᠵᠤ ᠠᠬᠤᠢ ᠶᠢᠨ ᠬᠠᠷᠢᠯᠴᠠᠨ ᠠᠭᠤᠰᠤᠯᠴᠠᠵᠤ᠂ ᠬᠠᠮᠳᠤᠪᠡᠷ ᠬᠦᠭ᠍ᠵᠢᠭᠦ ᠶᠢ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃     

    ᠪᠠᠶᠢᠴᠠᠭᠠᠨ ᠰᠤᠳᠤᠯᠤᠯᠳᠠ ᠬᠢᠭ᠍ᠰᠡᠨ ᠬᠤᠭᠤᠴᠠᠭᠠᠨ ᠳᠠᠭᠠᠨ᠂ ᠯᠢ ᠵᠢᠢ ᠾᠧᠩ ᠪᠠᠰᠠ ᠪᠤᠭᠤᠳᠤ ᠬᠤᠳᠠ ᠶᠢᠨ ᠨᠠᠮ ᠤᠨ  ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠤ ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠤ᠂ ᠵᠠᠰᠠᠭ ᠤᠨ ᠤᠷᠳᠤᠨ ᠤ ᠦᠷᠢ ᠦᠭᠴᠡᠭᠡ ᠪᠠ ᠮᠦᠩᠭᠦᠨ ᠬᠦᠢᠯᠭᠡᠭᠡ ᠶᠢᠨ ᠲᠦᠭᠰᠢᠭᠦᠷᠢ ᠶᠢ ᠰᠡᠷᠬᠡᠶᠢᠯᠡᠨ ᠨᠠᠮᠳᠠᠭᠤᠯᠵᠤ᠂ ᠦᠭᠡᠷᠡᠴᠢᠯᠡᠯᠳᠡ ᠬᠦᠭ᠍ᠵᠢᠯᠳᠡ ᠲᠤᠬᠳᠠᠭᠤᠨᠪᠠ ᠪᠦᠬᠦ ᠲᠠᠯ᠎ᠠ ᠪᠠᠷ ᠨᠠᠮ ᠢ ᠴᠢᠩᠭ᠋᠎ᠠ ᠵᠠᠰᠠᠬᠤ ᠠᠵᠢᠯ ᠢ ᠰᠠᠶᠢᠳᠤᠷ ᠬᠢᠭᠦ ᠲᠤᠬᠠᠢ ᠲᠤᠳᠤᠷᠬᠠᠢ ᠱᠠᠭᠠᠷᠳᠠᠯᠭ᠎ᠠ ᠲᠤᠷᠠᠳᠪᠠ᠃ ᠳᠡᠷᠡ᠂      ᠲᠦᠪ ᠤᠨ ᠡᠯ᠎ᠡ ᠵᠦᠢᠯ ᠤᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠣᠯᠳᠠ ᠶᠢ ᠬᠦᠨᠵᠡᠭᠡᠢ ᠳᠣᠣᠱᠯᠠᠭᠤᠯᠣᠨ  ᠨᠠᠶᠢᠳᠠᠪᠣᠷᠢᠵᠢᠭᠤᠯᠵᠣ᠂ 《ᠳᠠᠪᠤ ᠶᠢ ᠨᠢᠭᠡ ᠴᠣᠭᠴᠠᠵᠢᠭᠤᠯᠬᠤ》ᠶᠡᠷᠦᠩᠬᠡᠢ ᠪᠠᠶᠢᠷᠢᠰᠢᠭᠤᠯᠣᠯᠳᠠ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠣ᠂ 《ᠳᠦᠷᠪᠡᠨ ᠪᠦᠬᠦ ᠳᠠᠯ᠎ᠠ》 ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠰᠢᠭᠤᠯᠣᠯᠳᠠ ᠶᠢ ᠵᠣᠬᠢᠴᠠᠭᠤᠯᠣᠨ ᠠᠬᠢᠭᠤᠯᠵᠣ᠂  ᠰᠢᠨ᠎ᠡ ᠬᠦᠭ᠍ᠵᠢᠯᠳᠡ ᠶᠢᠨ ᠣᠢᠢᠯᠠᠭᠠᠭᠳᠠᠬᠤᠨ ᠢᠶᠠᠷ ᠠᠵᠣ ᠠᠬᠤᠢ ᠶᠢᠨ ᠬᠦᠭ᠍ᠵᠢᠯᠳᠡ ᠶᠢᠨ ᠰᠢᠨ᠎ᠡ ᠬᠡᠪ ᠪᠠᠶᠢᠳᠠᠯ ᠢ ᠬᠦᠳᠦᠯᠦᠨ ᠳᠠᠭᠠᠭᠤᠯᠬᠤ ᠶᠢ ᠪᠠᠷᠢᠮᠳᠠᠯᠠᠵᠣ᠂ ᠳᠣᠭᠳᠠᠭᠤᠨ ᠤ ᠳᠣᠮᠳᠠ ᠣᠷᠣᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ᠌ ᠠᠶᠠᠰ ᠢ ᠪᠠᠳᠣ ᠡᠵᠡᠮᠰᠢᠵᠦ᠂ ᠡᠯ᠎ᠡ ᠵᠦᠢᠯ ᠤᠨ ᠦᠢᠯᠡᠰ ᠤᠨ ᠬᠦᠭ᠍ᠵᠢᠯᠳᠡ ᠪᠠᠨ ᠬᠦᠴᠦᠯᠡᠨ ᠠᠬᠢᠭᠤᠯᠵᠣ᠂ ᠰᠢᠯᠢᠳᠡᠭ ᠠᠮᠵᠢᠯᠳᠠ ᠪᠠᠷ ᠢᠶᠠᠨ ᠨᠠᠮ ᠤᠨᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠣᠬᠤ ᠶᠢ ᠣᠭᠳᠣᠵᠣ᠂ 《ᠦᠵᠡᠰᠭᠦᠯᠡᠩᠳᠦ ᠰᠠᠶᠢᠬᠠᠨ ᠦᠪᠦᠷᠮᠤᠩᠭ᠋ᠤᠯ ᠢᠶᠡᠨ ᠪᠦᠳᠦᠭᠡᠨ ᠪᠠᠶᠢᠭᠤᠯᠵᠣ᠂ ᠠᠭᠤᠣ ᠶᠡᠭᠡ ᠳᠣᠮᠳᠠᠳᠣ ᠶᠢᠨ ᠮᠦᠷᠦᠭᠡᠲᠦᠯ ᠢᠶᠡᠨ ᠬᠠᠮᠲᠤᠪᠡᠷ ᠪᠡᠶᠡᠯᠡᠬᠦᠯᠬᠦ》 ᠳᠤ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠳᠡᠢ ᠭᠡᠵᠦ ᠴᠢᠬᠤᠯᠠᠴᠢᠯᠠᠪᠠ᠃       

    ᠦᠪᠡᠷᠳᠡᠭᠡᠨ ᠵᠠᠰᠠᠬᠤ ᠣᠷᠣᠨ ᠤ ᠣᠳᠣᠷᠢᠳᠣᠯᠭ᠎ᠠ ᠵᠠᠩ ᠶᠣᠸᠠᠨ ᠵᠦᠩ᠂ ᠯᠦᠸᠧ ᠶᠦᠩ ᠭᠠᠩ᠂ ᠸᠠᠩ ᠬᠤᠸᠠᠨ ᠴᠧᠩ ᠪᠣᠯᠣᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠶᠢᠴᠠᠭᠠᠨ ᠰᠣᠳᠣᠯᠬᠤ ᠳᠤ ᠣᠷᠣᠯᠴᠠᠪᠠ᠃  

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121579698