蒙古文网站Logo
ᠰᠢᠨᠬᠤᠸᠠ ᠮᠤᠩᠭ᠋ᠤᠯ ᠨᠧᠲ

ᠯᠢ ᠶᠤᠸᠠᠨ ᠴᠤᠤ ᠦᠪᠦᠷ ᠮᠤᠩᠭᠤᠯ ᠳᠤ ᠪᠠᠶᠢᠴᠠᠭᠠᠨ ᠰᠤᠳᠤᠯᠤᠯᠳᠠ ᠬᠢᠪᠡ

2017-09-07 10:28

    9 ᠰᠠᠷ᠎ᠠ ᠶᠢᠨ 3 ᠡᠴᠡ 4 ᠤ ᠡᠳᠦᠷ ᠪᠤᠯᠳᠠᠯ᠎ᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠶᠢᠨ ᠬᠡᠰᠢᠭᠦᠨ᠂ ᠤᠯᠤᠰ ᠤᠨ ᠲᠡᠳ᠋ ᠲᠡᠷᠢᠭᠦᠯᠡᠭᠴᠢ ᠯᠢ ᠶᠤᠸᠠᠨ ᠴᠤᠤ ᠦᠪᠦᠷ ᠮᠤᠩᠭᠤᠯ ᠳᠤ ᠤᠯᠠᠨ ᠲᠦᠮᠡᠨ ᠤ ᠪᠠᠭ ᠤᠨ ᠦᠭᠡᠷᠡᠴᠢᠯᠡᠯᠳᠡ ᠶᠢᠨ ᠳᠣᠬᠠᠢ ᠪᠠᠶᠢᠴᠠᠭᠠᠨ ᠰᠤᠳᠤᠯᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠨᠡᠩ ᠴᠢᠩᠭ᠎ᠠ ᠡᠷᠴᠢᠮ ᠢᠶᠠᠷ ᠤᠯᠠᠨ ᠲᠦᠮᠡᠨ ᠤ ᠪᠠᠭ ᠤᠨ ᠦᠭᠡᠷᠡᠴᠢᠯᠡᠯᠳᠡ ᠶᠢ ᠠᠬᠢᠭᠤᠯᠵᠤ᠂ ᠦᠷᠭᠡᠨ ᠤᠯᠠᠨ ᠲᠦᠮᠡᠨ ᠢ ᠬᠦᠳᠦᠯᠦᠨ ᠲᠠᠭᠠᠭᠤᠯᠵᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ᠂ ᠲᠤᠮᠳᠠᠳᠤ ᠶᠢᠨ ᠮᠦᠷᠦᠬᠡᠳᠦᠯ ᠢ ᠪᠡᠶᠡᠯᠡᠬᠦᠯᠬᠦ᠂ ᠭᠠᠪᠢᠶ᠎ᠠ ᠪᠠᠶᠢᠭᠤᠯᠤᠨ ᠦᠢᠯᠡᠰ ᠪᠤᠰᠬᠠᠵᠤ ᠰᠢᠯᠢᠳᠡᠭ ᠠᠮᠵᠢᠯᠳᠡ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠬᠳᠤᠬᠤ ᠬᠡᠷᠡᠭᠳᠡᠢ ᠬᠡᠵᠤ ᠵᠢᠭᠠᠵᠤ ᠭᠠᠷᠭᠠᠪᠠ᠃

    3 ᠤ ᠡᠳᠦᠷ᠂ ᠯᠢ ᠶᠤᠸᠠᠨ ᠴᠤᠤ ᠪᠤᠭᠤᠳᠤ ᠳᠤ ᠬᠦᠷᠴᠤ ᠪᠠᠶᠢᠴᠠᠭᠠᠨ ᠰᠤᠳᠤᠯᠵᠠᠢ᠃ ᠡᠮᠡᠭᠳᠡᠶᠢᠴᠤᠳ ᠤᠨ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠦᠢᠯᠡᠴᠢᠯᠡᠭᠡᠨ ᠤ ᠲᠦᠪ ᠲᠤ᠂ ᠲᠠᠷᠠ ᠤᠶᠤᠳᠠᠳ ᠢ ᠤᠷᠠᠯᠢᠭ ᠢ ᠰᠤᠷᠴᠣ ᠡᠵᠡᠮᠰᠢᠵᠤ᠂ ᠠᠮᠢᠳᠤᠷᠠᠯ ᠢᠶᠠᠨ ᠨᠡᠩ ᠪᠠᠶᠠᠯᠢᠬᠵᠢᠭᠤᠯᠤᠨ᠂ ᠨᠡᠶᠢᠭᠡᠮ ᠰᠤᠶᠤᠯ ᠤᠨ ᠬᠦᠭᠵᠢᠯᠳᠡ ᠳᠤ ᠬᠤᠪᠢ ᠨᠡᠮᠡᠷᠢ ᠪᠠᠨ ᠦᠵᠡᠭᠦᠯᠦᠭᠡᠷᠡᠢ ᠬᠡᠵᠤ ᠵᠤᠷᠢᠬᠵᠢᠭᠤᠯᠪᠠ᠃

    ᠵᠠᠯᠠᠭᠤᠴᠤᠳ ᠪᠠᠭᠠᠴᠤᠳ ᠤᠨ ᠬᠦᠭᠵᠢᠯᠳᠡ ᠶᠢᠨ ᠲᠦᠪ ᠲᠤ᠂ ᠲᠡᠷᠡ ᠪᠢᠴᠢᠬᠠᠨ ᠨᠠᠶᠢᠵᠢ ᠨᠠᠷ ᠤᠨ ᠰᠢᠨᠵᠢᠯᠡᠭᠦ ᠤᠬᠠᠭᠠᠨ ᠲᠧᠭᠨᠤᠯᠤᠬᠢ ᠶᠢ ᠲᠦᠭᠡᠮᠡᠯᠵᠢᠭᠦᠯᠭᠦ ᠳᠣᠭᠯᠠᠭᠠᠮ ᠢ ᠰᠤᠨᠢᠷᠬᠠᠵᠤ᠂ ᠬᠡᠤᠭᠡᠳ ᠤᠳ ᠢ ᠪᠠᠶᠠᠷ ᠬᠦᠷ ᠲᠠᠢ ᠪᠠᠷ ᠦᠰᠦᠨ ᠪᠤᠶᠢᠵᠢᠵᠣ᠂ ᠪᠦᠬᠦ ᠲᠠᠯ᠎ᠠ ᠪᠠᠷ ᠬᠦᠭᠵᠢᠵᠤ᠂ ᠦᠭᠡᠯᠡᠢ ᠪᠤᠯᠤᠬᠰᠠᠨ ᠤ ᠳᠠᠷᠠᠭ᠎ᠠ ᠡᠭᠡ ᠤᠯᠤᠰ ᠲᠠᠭᠠᠨ ᠬᠡᠷᠡᠭᠴᠡᠭᠡ ᠲᠠᠢ ᠴᠢᠳᠠᠪᠤᠷᠢᠳᠠᠨ ᠪᠤᠯᠣᠭᠠᠷᠠᠢ ᠭᠡᠵᠦ ᠬᠦᠰᠡᠪᠡ᠃ ᠬᠦᠰᠡᠯ ᠨᠡᠶᠢᠳᠡ ᠶᠢᠨ ᠠᠰᠠᠷᠠᠮᠵᠢ ᠶᠢᠨ ᠨᠡᠶᠢᠭᠡᠮᠯᠢᠭ ᠲᠤ ᠲᠡᠷᠡ᠂ ᠰᠠᠶᠢᠨ ᠲᠤᠷᠠᠴᠤᠳ ᠢ ᠬᠠᠯᠠᠭᠤᠨ ᠰᠡᠳᠬᠢᠯᠭᠡ ᠦᠨᠡᠨ ᠬᠠᠶᠢᠷ᠎ᠠ ᠪᠠᠷ ᠢᠶᠠᠨ ᠵᠠᠯᠠᠭᠤᠴᠤᠳ ᠪᠠᠭᠠᠴᠤᠳ ᠲᠤ ᠦᠢᠯᠡᠴᠢᠯᠡᠨ᠂ ᠨᠡᠶᠢᠭᠡᠮ ᠨᠡᠶᠢᠳᠡ ᠳᠤ ᠦᠢᠯᠡᠴᠢᠯᠡᠭᠡᠷᠡᠢ ᠭᠡᠵᠦ ᠵᠤᠷᠢᠬᠵᠢᠭᠤᠯᠪᠠ᠃

    ᠦᠪᠦᠷ ᠮᠤᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠬᠢᠵᠠᠭᠠᠷᠳᠤ ᠺᠤᠮᠫᠠᠨᠢ ᠳᠤ ᠳᠡᠷᠡ᠂ ᠡᠪᠯᠡᠯ ᠤᠨ ᠡᠭᠦᠷ ᠤᠨ ᠱᠦᠵᠢ ᠶᠢᠨ ᠭᠠᠷ ᠣᠳᠠᠰᠣ ᠶᠢᠨ APP ᠪᠠᠷ《1+ 100》ᠦᠷᠨᠢᠭᠦᠯᠵᠤ ᠪᠠᠶᠢᠭ᠎ᠠ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠡᠪᠯᠡᠯ ᠤᠨ ᠺᠠᠳ᠋ᠷᠴᠤᠳ ᠢ ᠠᠵᠢᠯ ᠤᠨ ᠰᠤᠷᠳᠠᠯ ᠢᠶᠠᠨ ᠰᠠᠶᠢᠵᠢᠷᠠᠭᠤᠯᠤᠨ᠂ ᠵᠠᠯᠠᠭᠤᠴᠤᠳ ᠲᠠᠢ ᠰᠢᠭᠤᠳ ᠨᠡᠩ ᠰᠠᠶᠢᠳᠤᠷ ᠬᠠᠷᠢᠯᠴᠠᠵᠤ ᠦᠢᠯᠡᠴᠢᠯᠡᠭᠡᠷᠡᠢ ᠭᠡᠵᠦ ᠵᠣᠷᠢᠭᠵᠢᠭᠤᠯᠪᠠ᠃

    4 ᠤ ᠡᠳᠦᠷ᠂ ᠯᠢ ᠶᠤᠸᠠᠨ ᠴᠤᠤ ᠬᠦᠬᠡᠬᠤᠳᠠ ᠳᠤ ᠪᠠᠶᠢᠴᠠᠭᠠᠨ ᠰᠤᠳᠤᠯᠪᠠ᠃ ᠡᠦ ᠯᠢ ᠶᠢᠩ ᠨᠡᠶᠢᠭᠡᠮ ᠲᠤᠭᠤᠷᠢᠭ ᠲᠤ ᠲᠡᠷᠡ᠂ ᠡᠪᠯᠡᠯ ᠤᠨ ᠺᠠᠳ᠋ᠷᠴᠤᠳ ᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠵᠤ᠂ ᠦᠭᠡᠷᠡᠴᠢᠯᠡᠯᠳᠡ ᠶᠢᠨ ᠠᠷᠭ᠎ᠠ ᠬᠡᠮᠵᠢᠶ᠎ᠠ ᠶᠢᠨ ᠦᠨᠳᠦᠰᠦᠨ ᠱᠠᠳᠤᠨ ᠳᠤ ᠨᠡᠶᠢᠳᠡᠪᠦᠷᠢᠵᠢᠭᠤᠯᠤᠬᠳᠠᠨ ᠦᠷ᠎ᠠ ᠪᠦᠳᠦᠮᠵᠢ ᠤᠯᠬᠤ ᠶᠢ ᠰᠠᠶᠢᠳᠤᠷ ᠠᠳᠬᠤᠬᠤ ᠬᠡᠷᠡᠭᠳᠡᠢ ᠬᠡᠵᠤ ᠱᠠᠭᠠᠷᠳᠠᠪᠠ᠃ ᠵᠢᠨ ᠴᠢᠶᠤᠤ ᠨᠡᠶᠢᠭᠡᠮ ᠲᠤᠭᠤᠷᠢᠭ ᠲᠤ ᠳᠡᠷᠡ᠂ ᠨᠠᠮ ᠤᠯᠠᠨ ᠲᠦᠮᠡᠨ ᠤ ᠪᠠᠭ ᠦᠨᠳᠦᠰᠦᠨ ᠱᠠᠳᠤᠨ ᠤ ᠠᠵᠢᠯᠯᠠᠭᠠᠨ ᠤ ᠵᠢᠭᠰᠠᠭᠠᠯ ᠤᠨ ᠭᠠᠵᠠᠷ ᠢ ᠬᠠᠮᠳᠤᠪᠡᠷ ᠪᠠᠶᠢᠭᠤᠯᠵᠤ ᠬᠠᠮᠳᠤᠪᠡᠷ ᠠᠰᠢᠬᠯᠠᠵᠤ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ ᠬᠤᠯᠪᠤᠭ᠎ᠠ᠂ ᠰᠢᠨᠵᠢᠯᠡᠭᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠤᠯᠠᠨ ᠲᠦᠮᠡᠨ ᠳᠤ ᠦᠢᠯᠡᠴᠢᠯᠡᠭᠦ ᠬᠦᠮᠦᠨ ᠲᠠᠢ᠂ ᠵᠠᠷᠤᠳᠠᠯ ᠲᠠᠢ᠂ ᠭᠠᠵᠠᠷ ᠲᠠᠢ᠂ ᠠᠵᠢᠯᠯᠠᠭ᠎ᠠ ᠲᠠᠢ ᠪᠠᠶᠢᠬᠤ ᠶᠢ ᠪᠡᠶᠡᠯᠡᠭᠦᠯᠦᠭᠰᠡᠨ ᠪᠠᠶᠢᠳᠠᠯ ᠢ ᠨᠤᠳᠠᠯᠠᠪᠠ᠃

    ᠯᠢ ᠶᠤᠸᠠᠨ ᠴᠤᠤ ᠬᠦᠬᠡᠬᠤᠳᠠ ᠳᠤ ᠤᠯᠠᠨ ᠲᠦᠮᠡᠨ ᠤ ᠪᠠᠭ ᠤᠨ ᠦᠭᠡᠷᠡᠴᠢᠯᠡᠯᠳᠡ ᠶᠢ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠬᠤᠷᠠᠯᠳᠣᠭᠤᠯᠵᠣ᠂ ᠦᠨᠳᠦᠰᠦᠨ ᠱᠠᠳᠤᠨ ᠤ ᠤᠯᠠᠨ ᠲᠦᠮᠡᠨ ᠤ ᠪᠦᠯᠬᠦᠮ ᠤᠨ ᠺᠠᠳ᠋ᠷᠴᠤᠳ ᠤᠨ ᠰᠠᠨᠠᠯ ᠢ ᠰᠤᠨᠤᠰᠪᠠ᠃ ᠲᠡᠷᠡ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ ᠬᠤᠯᠪᠤᠭ᠎ᠠ᠂ ᠰᠢᠨᠵᠢᠯᠡᠭᠦ ᠤᠬᠠᠭᠠᠨ ᠲᠧᠭᠨᠤᠯᠤᠬᠢ ᠶᠢᠨ ᠨᠡᠶᠢᠭᠡᠮᠯᠢᠭ᠂ ᠬᠠᠷᠢᠶᠠᠳᠣ ᠨᠠᠷ ᠤᠨ ᠬᠤᠯᠪᠣᠭ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠠ ᠤᠯᠠᠨ ᠲᠦᠮᠡᠨ ᠤ ᠪᠠᠭ ᠤᠨ ᠦᠭᠡᠷᠡᠴᠢᠯᠡᠯᠳᠡ ᠶᠢᠨ ᠠᠵᠢᠯ ᠤᠨ ᠶᠠᠷᠢᠯᠴᠠᠬᠤ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠪᠠᠨ ᠨᠢᠭᠡᠳᠭᠡᠵᠤ᠂ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠂ ᠬᠦᠴᠢᠷ ᠢ ᠳᠠᠪᠠᠨ ᠪᠡᠷᠬᠡ ᠶᠢ ᠲᠤᠭᠤᠯᠵᠤ᠂ ᠪᠤᠳᠠᠳᠠᠢ ᠠᠳᠬᠤᠨ ᠦᠷ᠎ᠠ ᠪᠦᠳᠦᠮᠵᠢ ᠭᠠᠷᠭᠠᠬᠤ ᠬᠡᠷᠡᠭᠳᠡᠢ᠃《ᠲᠦᠷᠪᠡᠨ ᠤᠬᠠᠮᠰᠠᠷ》 ᠢᠶᠠᠨ ᠴᠢᠩᠭᠠᠷᠠᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ᠂ ᠤᠯᠠᠨ ᠲᠦᠮᠡᠨ ᠤ ᠪᠠᠭ ᠤᠨ ᠦᠭᠡᠷᠡᠴᠢᠯᠡᠯᠳᠡ ᠶᠢᠨ ᠵᠦᠪ ᠤᠨᠤᠪᠴᠢᠳᠠᠢ ᠴᠢᠭᠯᠡᠯ ᠢ ᠡᠵᠡᠮᠰᠢᠵᠤ᠂ ᠤᠯᠠᠨ ᠲᠦᠮᠡᠨ ᠤ ᠪᠠᠭ ᠤᠨ ᠵᠤᠬᠢᠶᠠᠨ ᠪᠠᠶᠢᠭᠤᠯᠤᠯᠳᠠ ᠪᠠ ᠠᠵᠢᠯ ᠤᠨ ᠤᠯᠤᠰ ᠲᠦᠷᠦᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ ᠪᠠᠳᠣᠯᠠᠨ ᠴᠢᠩᠭᠠᠷᠠᠭᠤᠯᠵᠤ᠂ ᠦᠷᠭᠡᠨ ᠤᠯᠠᠨ ᠲᠦᠮᠡᠨ ᠢ ᠬᠦᠳᠦᠯᠦᠨ ᠵᠢᠯᠣᠭᠤᠳᠴᠣ ᠨᠠᠮ ᠤᠨ ᠦᠭᠡ ᠶᠢ ᠰᠤᠨᠤᠰᠴᠦ᠂ ᠨᠠᠮ ᠢᠶᠠᠨ ᠲᠠᠭᠠᠵᠣ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠭᠦᠯᠭᠦ ᠬᠡᠷᠡᠭᠳᠡᠢ᠃ ᠤᠯᠠᠨ ᠲᠦᠮᠡᠨ ᠤ ᠪᠠᠭ ᠤᠨ ᠺᠠᠳ᠋ᠷ ᠤᠨ ᠲᠦᠷᠢᠮ ᠳᠤ ᠦᠭᠡᠷᠡᠴᠢᠯᠡᠯᠳᠡ ᠬᠢᠵᠦ᠂ ᠤᠯᠠᠨ ᠲᠦᠮᠡᠨ ᠤ ᠠᠵᠢᠯᠯᠠᠭ᠎ᠠ ᠶᠢᠨ ᠭᠤᠤᠯ ᠬᠦᠴᠦᠨ ᠢ ᠤᠯᠠᠨ ᠲᠦᠮᠡᠨ ᠤ ᠪᠠᠭ ᠤᠨ ᠵᠤᠬᠢᠶᠠᠨ ᠪᠠᠶᠢᠭᠤᠯᠤᠯᠳᠠ ᠪᠠ ᠺᠠᠳ᠋ᠷ ᠤᠨ ᠡᠩᠨᠡᠭᠡᠨ ᠳᠤ ᠤᠷᠤᠭᠤᠯᠬᠤ ᠬᠡᠷᠡᠭᠳᠡᠢ; ᠤᠯᠠᠨ ᠲᠦᠮᠡᠨ ᠤ ᠪᠠᠭ ᠤᠨ ᠪᠠᠶᠢᠭᠤᠯᠤᠯᠭ᠎ᠠ ᠶᠢᠨ ᠺᠠᠳ᠋ᠷ ᠪᠠᠶᠢᠩᠭᠤ ᠦᠨᠳᠦᠰᠦᠨ ᠱᠠᠳᠤᠨ ᠳᠤ ᠪᠠᠭᠤᠬᠤ ᠲᠦᠷᠢᠮ ᠢ ᠪᠠᠶᠢᠭᠤᠯᠵᠤ᠂ ᠤᠯᠠᠨ ᠲᠦᠮᠡᠨ ᠤ ᠠᠵᠢᠯ ᠢ ᠨᠢᠭᠤᠷᠳᠠᠨ ᠬᠢᠭᠦ ᠬᠡᠷᠡᠭᠳᠡᠢ;ᠤᠯᠠᠨ ᠲᠦᠮᠡᠨ ᠤ ᠪᠠᠭ ᠤᠨ ᠺᠠᠳ᠋ᠷᠴᠣᠳ ᠤᠯᠠᠨ ᠲᠦᠮᠡᠨ ᠲᠠᠢ ᠰᠢᠭᠤᠳ ᠬᠠᠷᠢᠯᠴᠠᠨ ᠦᠢᠯᠡᠴᠢᠯᠡᠭᠦ ᠲᠦᠷᠢᠮ ᠢ ᠪᠠᠶᠢᠭᠤᠯᠵᠤ᠂ ᠤᠯᠠᠨ ᠲᠦᠮᠡᠨ ᠲᠠᠢ ᠪᠠᠶᠢᠩᠭᠤ ᠬᠠᠷᠢᠯᠴᠠᠨ ᠦᠢᠯᠡᠴᠢᠯᠡᠭᠦ ᠬᠡᠷᠡᠭᠳᠡᠢ; ᠢᠨᠲ᠋ᠧᠷᠨᠧᠲ ᠢᠶᠡᠷ ᠤᠯᠠᠨ ᠲᠦᠮᠡᠨ ᠤ ᠪᠠᠭ ᠢ ᠰᠠᠶᠢᠳᠤᠷ ᠪᠠᠶᠢᠭᠤᠯᠤᠨ ᠰᠠᠶᠢᠳᠤᠷ ᠠᠰᠢᠬᠯᠠᠵᠤ᠂ ᠤᠯᠠᠨ ᠲᠦᠮᠡᠨ ᠤ ᠪᠠᠭ ᠤᠨ ᠵᠤᠬᠢᠶᠠᠨ ᠪᠠᠶᠢᠭᠤᠯᠤᠯᠳᠠ᠂ ᠠᠵᠢᠯ᠂ ᠦᠢᠯᠡᠴᠢᠯᠡᠭᠡ ᠪᠠ ᠠᠵᠢᠯᠯᠠᠭ᠎ᠠ ᠶᠢᠨ ᠰᠦᠯᠵᠢᠶᠡᠵᠢᠬᠦ ᠶᠢ ᠠᠬᠢᠭᠤᠯᠬᠤ ᠬᠡᠷᠡᠭᠳᠡᠢ; ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠪᠠ ᠵᠢᠭᠰᠠᠭᠠᠯ ᠤᠨ ᠭᠠᠵᠠᠷ ᠤᠨ ᠪᠠᠶᠢᠭᠤᠯᠤᠯᠳᠠ ᠶᠢ ᠴᠢᠩᠭᠠᠳᠬᠠᠵᠤ᠂ ᠨᠠᠮ ᠤᠯᠠᠨ ᠲᠦᠮᠡᠨ ᠤ ᠪᠠᠭ ᠦᠨᠳᠦᠰᠦᠨ ᠱᠠᠳᠤᠨ ᠤ ᠠᠵᠢᠯᠯᠠᠭ᠎ᠠ ᠪᠠ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠬᠠᠮᠳᠤᠪᠡᠷ ᠪᠠᠶᠢᠭᠤᠯᠵᠤ ᠬᠠᠮᠳᠤ ᠳᠠᠭᠠᠨ ᠠᠰᠢᠬᠯᠠᠬᠤ ᠬᠡᠷᠡᠭᠳᠡᠢ᠃ ᠦᠭᠡᠷᠡᠴᠢᠯᠡᠯᠳᠡ ᠬᠢᠵᠦ ᠰᠢᠨ᠎ᠠ ᠶᠢ ᠡᠭᠦᠳᠭᠦ ᠪᠠᠷ ᠤᠯᠠᠨ ᠲᠦᠮᠡᠨ ᠤ ᠪᠠᠭ ᠤᠨ ᠠᠵᠢᠯ ᠪᠠ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠵᠤ᠂ ᠨᠠᠮ ᠤᠨ ᠤᠯᠠᠨ ᠲᠦᠮᠡᠨ ᠤ ᠪᠠᠭ ᠤᠨ ᠠᠵᠢᠯ ᠤᠨ ᠶᠡᠭᠡ ᠲᠠᠯ᠎ᠠ ᠳᠤ ᠨᠡᠩ ᠶᠡᠭᠡ ᠦᠢᠯᠡᠳᠦᠯ ᠪᠠᠳᠠᠷᠠᠭᠤᠯᠵᠤ᠂ ᠦᠭᠡᠷᠡᠴᠢᠯᠡᠯᠳᠡ ᠶᠢᠨ ᠦᠷ᠎ᠠ ᠪᠦᠳᠦᠮᠵᠢ ᠶᠢ ᠢᠯᠡᠷᠡᠭᠦᠯᠭᠦ ᠬᠡᠷᠡᠭᠳᠡᠢ᠃ ᠤᠯᠠᠨ ᠲᠦᠮᠡᠨ ᠤ ᠪᠠᠭ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠪᠠᠷ ᠤᠯᠠᠨ ᠲᠦᠮᠡᠨ ᠤ ᠪᠠᠭ ᠤᠨ ᠪᠠᠶᠢᠭᠤᠯᠤᠯᠳᠠ ᠶᠢ ᠲᠠᠶᠢᠴᠢᠯᠠᠬᠤ᠂ ᠨᠠᠮ ᠤᠯᠠᠨ ᠲᠦᠮᠡᠨ ᠤ ᠪ ᠪᠠᠭ ᠬᠠᠮᠳᠤᠪᠡᠷ ᠪᠠᠶᠢᠭᠤᠯᠬᠤ ᠪᠦᠳᠦᠮᠵᠢᠳᠡᠢ ᠲᠤᠬᠳᠠᠴᠠ ᠶᠢ ᠪᠤᠷᠢᠯᠳᠦᠭᠦᠯᠭᠦ ᠬᠡᠷᠡᠭᠳᠡᠢ ᠬᠡᠵᠡᠢ᠃

    ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠶᠠᠷᠢᠯᠴᠬᠠᠤ ᠬᠤᠷᠠᠯ ᠢ ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠪᠦ᠋ ᠰᠢᠶᠤᠤ ᠯᠢᠨ᠂ ᠯᠢ ᠵᠢᠶᠠ᠂ ᠸᠠᠩ ᠯᠢ ᠰᠢᠶᠠ᠂ ᠶᠦᠨ ᠭᠤᠸᠠᠩ ᠵᠦᠩ᠂ ᠯᠦᠸᠧ ᠶᠦᠩ ᠭᠠᠩ ᠲᠤᠰ ᠲᠤᠰ ᠪᠠᠷ᠎ᠠ ᠪᠤᠯᠵᠤ ᠪᠠᠶᠢᠴᠠᠭᠠᠨ ᠰᠤᠳᠤᠯᠤᠬᠰᠠᠨ ᠪᠤᠶᠤ ᠶᠠᠷᠢᠯᠴᠠᠬᠤ ᠬᠤᠷᠠᠯ ᠳᠤ ᠤᠷᠤᠯᠴᠠᠵᠠᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121619892