蒙古文网站Logo
ᠰᠢᠨᠬᠤᠸᠠ ᠮᠤᠩᠭ᠋ᠤᠯ ᠨᠧᠲ

ᠯᠢ ᠵᠢᠢ ᠡᠾᠧᠩ᠄ ᠦᠪᠦᠷ ᠮᠤᠩᠭᠤᠯ ᠤᠨ ᠪᠡᠶ᠎ᠠ ᠶᠢᠨ ᠲᠠᠮᠢᠷ ᠤᠨ ᠦᠢᠯᠡᠰ ᠤᠨ ᠬᠦᠭᠵᠢᠯᠳᠡ ᠶᠢᠨ ᠰᠢᠨ᠎ᠠ ᠪᠠᠶᠢᠳᠠᠯ ᠢ ᠲᠠᠰᠤᠷᠠᠯᠳᠠ ᠦᠭᠡᠢ ᠨᠡᠭᠡᠭᠡᠭᠦ ᠬᠡᠷᠡᠭᠳᠡᠢ

2017-09-11 17:47

    9 ᠰᠠᠷ᠎ᠠ ᠶᠢᠨ 10 ᠤ ᠦᠳᠡ ᠶᠢᠨ ᠡᠮᠦᠨ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠦᠬᠡᠬᠤᠳᠠ ᠳᠤ ᠠᠷᠪᠠᠨ ᠭᠤᠷᠪᠠᠳᠤᠭᠠᠷ ᠬᠤᠭᠤᠴᠠᠭᠠᠨ ᠤ ᠤᠯᠤᠰ ᠲᠠᠶᠠᠭᠠᠷ ᠤᠨ ᠪᠡᠶ᠎ᠡ ᠶᠢᠨ ᠲᠠᠮᠢᠷ ᠤᠨ ᠴᠢᠭᠤᠯᠭᠠᠨ ᠳᠤ ᠤᠷᠤᠯᠴᠠᠬᠰᠠᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠠᠭ ᠤᠨ ᠪᠦᠷᠢᠯᠳᠦᠭᠦᠨ ᠨᠠᠷ ᠪᠠ ᠤᠯᠤᠰ ᠤᠨ ᠬᠦᠬᠢᠭᠦᠯᠦᠯ ᠰᠠᠶᠢᠰᠢᠶᠠᠯ ᠢ ᠬᠦᠷᠳᠡᠭᠰᠡᠨ ᠲᠡᠷᠢᠭᠦᠨ ᠤ ᠨᠢᠭᠡᠴᠡ᠂ ᠲᠡᠷᠢᠭᠦᠨ ᠤ ᠬᠤᠪᠢ ᠬᠦᠮᠦᠨ ᠤ ᠲᠦᠯᠦᠭᠡᠯᠡᠭᠴᠢᠳ ᠲᠠᠢ ᠠᠭᠤᠯᠵᠠᠵᠤ᠂ ᠳᠡᠳᠡᠨᠡᠷ ᠤᠨ ᠰᠢᠯᠢᠳᠡᠭ ᠬᠢᠷᠢ ᠪᠦᠳᠦᠮᠵᠢ ᠳᠤ ᠪᠠᠶᠠᠷ ᠬᠦᠷᠭᠡᠭᠦ ᠶᠢᠨ ᠬᠠᠮᠳᠤ ᠪᠦᠬᠦ ᠲᠠᠮᠢᠷᠴᠢᠨ᠂ ᠲᠠᠰᠬᠠᠯᠵᠢᠭᠤᠯᠤᠬᠴᠢᠳ ᠪᠤᠯᠤᠨ ᠦᠷᠭᠡᠨ ᠤᠯᠠᠨ ᠪᠡᠶ᠎ᠠ ᠶᠢᠨ ᠲᠡᠮᠢᠷ ᠤᠨ ᠠᠵᠢᠯᠳᠠᠳ ᠲᠤ ᠲᠤᠳᠤᠨᠤ ᠮᠡᠨᠳᠦᠴᠢᠯᠡᠯ ᠲᠡᠪᠰᠢᠭᠦᠯᠪᠡ᠃ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠯᠢ ᠵᠢᠶᠠ᠂ ᠯᠦᠸᠧ ᠶᠦᠩ ᠭᠠᠩ᠂ ᠬᠤᠷᠴᠠ᠂ ᠳ᠋ᠦᠩ ᠾᠧᠩ ᠢᠤᠢ ᠠᠭᠤᠯᠵᠠᠯᠳᠠ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢᠦ ᠰᠢᠨ ᠯᠧ ᠠᠭᠤᠯᠵᠠᠯᠳᠠ ᠶᠢ ᠡᠷᠬᠢᠯᠡᠪᠡ᠃

    ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠵᠠᠰᠠᠭ ᠤᠨ ᠠᠯᠪᠠᠯᠠᠬᠤ ᠲᠤᠭᠤᠷᠢᠭ ᠤᠨ ᠬᠤᠷᠠᠯ ᠤᠨ ᠲᠦᠪ ᠤᠨ ᠲᠢᠩᠬᠢᠮ ᠳᠤ ᠪᠠᠶᠠᠷ ᠬᠦᠷ ᠪᠢᠯᠬᠠᠨ᠂ ᠠᠭᠤᠯᠵᠠᠯᠳᠠ ᠳᠤ ᠤᠷᠤᠯᠴᠠᠬᠰᠠᠨ ᠲᠦᠯᠦᠭᠡᠯᠡᠭᠴᠢᠳ ᠤᠷᠮ᠎ᠠ ᠰᠡᠳᠬᠢᠯᠭᠡ ᠬᠦᠭᠵᠢᠩᠭᠦᠢ᠂ ᠴᠤᠭ ᠰᠦᠯᠳᠡ ᠪᠠᠳᠠᠷᠠᠩᠭᠤᠢ᠂ ᠵᠠᠷᠢᠮ ᠨᠢ ᠡᠩᠭᠡᠷ ᠲᠡᠭᠡᠨ ᠭᠡᠷᠡᠯ ᠰᠠᠴᠤᠷᠠᠭᠰᠠᠨ ᠱᠠᠩᠨᠠᠯ ᠤᠨ ᠮᠧᠳᠠᠯ ᠵᠡᠭᠦᠭᠰᠡᠨ ᠪᠠᠶᠢᠯ᠎ᠠ᠃ ᠦᠳᠡ ᠡᠴᠡ ᠡᠮᠦᠨᠡᠬᠢ 11᠄00 ᠴᠠᠭ ᠤᠨ ᠦᠶ᠎ᠠ ᠪᠠᠷ᠂ ᠯᠢ ᠵᠢᠢ ᠾᠧᠩ᠂ ᠪᠦ᠋ ᠰᠢᠶᠤᠤ ᠯᠢᠨ ᠵᠡᠷᠭᠡ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠬᠦᠷᠦᠯᠴᠡᠨ ᠢᠷᠡᠵᠤ ᠤᠯᠠᠨ ᠲᠠᠢ ᠲᠤᠳᠤᠨᠤ ᠪᠠᠷ ᠭᠠᠷ ᠪᠠᠷᠢᠨ᠂ ᠲᠤᠬᠤᠨᠢᠭᠤᠯᠵᠦ ᠪᠠᠶᠢᠭ᠎ᠠ ᠰᠡᠳᠬᠢᠯᠭᠡ ᠪᠠᠨ ᠢᠯᠡᠳᠭᠡᠪᠡ᠃

    ᠬᠠᠯᠠᠭᠤᠨ ᠠᠯᠠᠭ᠎ᠠ ᠲᠠᠰᠢᠯᠳᠠ ᠶᠢᠨ ᠲᠤᠮᠳᠠ᠂ ᠯᠢ ᠵᠢᠢ ᠾᠧᠩ ᠰᠡᠳᠬᠢᠯᠭᠡ ᠪᠢᠯᠬᠠᠮ᠎ᠠ ᠶᠠᠷᠢᠶ᠎ᠠ ᠲᠠᠯᠪᠢᠪᠠ᠃ ᠲᠡᠷᠡ᠂ ᠰᠠᠶ᠋ᠢᠬᠠᠨ ᠦᠨᠳᠦᠷᠯᠡᠭᠰᠡᠨ ᠠᠷᠪᠠᠨ ᠭᠤᠷᠪᠠᠳᠤᠭᠠᠷ ᠬᠤᠭᠤᠴᠠᠭᠠᠨ ᠤ ᠤᠯᠤᠰ ᠲᠠᠶᠠᠭᠠᠷ ᠤᠨ ᠪᠡᠶ᠎ᠡ ᠶᠢᠨ ᠲᠠᠮᠢᠷ ᠤᠨ ᠴᠢᠭᠤᠯᠭᠠᠨ ᠳᠤ ᠮᠠᠨ ᠤ ᠤᠷᠤᠨ ᠤ ᠲᠠᠮᠢᠷᠴᠢᠳ ᠤᠷᠬᠢᠯᠦᠮ᠎ᠠ ᠪᠠᠳᠠᠷᠠᠩᠭᠤᠢ ᠳᠡᠮᠡᠴᠡᠯ ᠤᠨ ᠵᠤᠷᠢᠭ᠂ ᠨᠤᠭᠤᠷᠠᠰᠢ ᠦᠭᠡᠢ ᠬᠡᠪ ᠰᠤᠷᠳᠠᠯ᠂ ᠭᠤᠶᠢᠳᠠ ᠰᠠᠶᠢᠬᠠᠨ ᠤᠷ᠎ᠠ ᠮᠡᠷᠭᠡᠵᠢᠯ ᠢᠶᠠᠷ 7 ᠠᠯᠳᠠᠨ ᠮᠧᠳᠡᠯ᠂ 10 ᠮᠦᠩᠭᠦᠨ ᠮᠧᠳᠠᠯ᠂ 20 ᠬᠦᠷᠡᠯ ᠮᠧᠳᠠᠯ ᠤᠯᠵᠤ ᠤᠢᠢᠷ᠎ᠠ ᠶᠢᠨ 20 ᠵᠢᠯ ᠤᠨ ᠲᠤᠷᠰᠢᠬᠢ ᠤᠯᠤᠰ ᠲᠠᠶᠠᠭᠠᠷ ᠤᠨ ᠪᠡᠶ᠎ᠡ ᠶᠢᠨ ᠲᠡᠮᠢᠷ ᠤᠨ ᠴᠢᠭᠤᠯᠭᠠᠨ ᠳᠤ ᠤᠷᠤᠯᠴᠠᠬᠰᠠᠨ ᠬᠠᠮᠤᠭ ᠤᠨ ᠰᠠᠶᠢᠨ ᠬᠢᠷᠢ ᠪᠦᠳᠦᠮᠵᠢ ᠶᠢ ᠡᠭᠦᠳᠪᠡ᠃ ᠮᠠᠨ ᠤ ᠤᠷᠤᠨ ᠤ ᠪᠡᠶ᠎ᠠ ᠶᠢᠨ ᠲᠡᠮᠢᠷ ᠤᠨ ᠹᠷᠤᠨᠲ ᠤᠨ 69 ᠲᠡᠷᠢᠭᠦᠨ ᠤ ᠬᠠᠮᠳᠤ ᠨᠢᠬᠡᠴᠡ᠂ 57 ᠲᠡᠷᠢᠭᠦᠨ ᠤ ᠬᠤᠪᠢ ᠬᠦᠮᠦᠨ ᠤᠯᠤᠰ ᠤᠨ ᠬᠦᠬᠢᠭᠦᠯᠦᠯ ᠰᠠᠶᠢᠰᠢᠶᠠᠯ ᠢ ᠬᠦᠷᠳᠡᠵᠤ᠂ ᠲᠡᠮᠢᠷ ᠤᠨ ᠬᠢᠷᠢ ᠪᠦᠳᠦᠮᠵᠢ ᠪᠤᠯᠤᠨ ᠤᠶᠤᠨ ᠤ ᠪᠤᠯᠪᠠᠰᠤᠨ ᠤ ᠬᠤᠤᠰ ᠠᠮᠵᠢᠯᠳᠡ ᠶᠢ ᠤᠯᠪᠠ᠃ ᠤᠯᠤᠰ ᠲᠠᠶᠠᠭᠠᠷ ᠤᠨ ᠪᠡᠶ᠎ᠡ ᠶᠢᠨ ᠲᠡᠮᠢᠷ ᠤᠨ ᠴᠢᠭᠤᠯᠭᠠᠨ ᠤ ᠬᠤᠭᠤᠴᠠᠭᠠᠨ ᠳᠤ ᠲᠠ ᠨᠠᠷ ᠤᠨ ᠢᠯᠡᠷᠡᠭᠦᠯᠦᠭᠰᠡᠨ ᠵᠤᠷᠢᠭ ᠰᠠᠨᠠᠭ᠎ᠠ ᠪᠤᠯᠤᠠ ᠲᠦᠷᠰᠦ ᠪᠠᠶᠢᠳᠠᠯ᠂ ᠰᠦᠰᠦ ᠵᠤᠷᠢᠭ ᠪᠤᠯᠤᠨ ᠬᠦᠮᠦᠨ ᠮᠦᠰᠦ᠂ ᠭᠠᠶᠢᠬᠠᠭᠤᠯᠤᠭᠰᠠᠨ ᠬᠡᠪ ᠨᠠᠮᠪᠠ ᠪᠤᠯᠤᠨ ᠲᠦᠷᠢ ᠲᠦᠷᠭᠦ ᠪᠤᠯ ᠦᠪᠦᠷ ᠮᠤᠩᠭᠤᠯ ᠤᠨ ᠢᠷᠬᠡᠳ ᠤᠨᠴᠠᠭᠠᠢᠢᠯᠠᠨ ᠤᠳᠤ ᠦᠶ᠎ᠠ ᠶᠢᠨ ᠦᠪᠦᠷ ᠮᠤᠩᠭᠤᠯ ᠤᠨ ᠵᠠᠯᠠᠭᠤᠴᠤᠳ ᠤᠨ ᠴᠤᠭ ᠵᠢᠪᠬᠤᠭ᠎ᠠ ᠶᠢᠨ ᠲᠦᠪᠯᠡᠷᠡᠩᠭᠦᠢ ᠢᠯᠡᠷᠡᠯ ᠪᠤᠯᠤᠨ᠎ᠠ᠃ ᠤᠯᠠᠨ ᠢᠶᠠᠷ ᠢᠶᠠᠨ ᠨᠤᠳᠤᠭ ᠤᠷᠤᠨ ᠳᠠᠭᠠᠨ ᠢᠷᠠᠭᠤ ᠠᠯᠳᠠᠷ ᠠᠪᠴᠢᠷᠠᠵᠤ᠂ ᠠᠮᠢᠳᠤᠷᠠᠯ ᠳᠠᠭᠠᠨ ᠬᠡᠷᠡᠯ ᠬᠢᠯᠪᠠᠭ᠎ᠠ ᠨᠡᠮᠡᠷᠢᠯᠡᠪᠡ᠃ ᠲᠠ ᠨᠠᠷ ᠴᠢᠷᠮᠠᠶᠢᠬᠰᠠᠨ ᠲᠡᠭᠡᠷ᠎ᠡ ᠪᠠᠨ ᠴᠢᠷᠮᠠᠶᠢᠵᠤ᠂ ᠬᠤᠪᠢ ᠲᠠᠬᠢᠨ ᠢᠶᠠᠷ ᠴᠢᠷᠮᠠᠶᠢᠵᠤ᠂ ᠲᠠᠰᠤᠷᠠᠯᠳᠠ ᠦᠭᠡᠢ ᠦᠪᠡᠷ ᠢ ᠪᠠᠨ ᠢᠯᠠᠵᠤ᠂ ᠦᠪᠡᠷ ᠢ ᠪᠠᠨ ᠲᠠᠪᠠᠨ᠂ ᠨᠤᠳᠤᠭ ᠤᠷᠤᠨ ᠪᠤᠯᠤᠨ ᠡᠭᠡ ᠤᠯᠤᠰ ᠲᠠᠭᠠᠨ ᠨᠡᠩ ᠤᠯᠠᠨ ᠢᠷᠠᠭᠤ ᠠᠯᠳᠠᠷ ᠠᠪᠴᠢᠷᠠᠨ ᠦᠭᠬᠦ ᠶᠢ ᠬᠦᠰᠡᠵᠤ ᠪᠠᠶᠢᠨ᠎ᠠ ᠬᠡᠵᠡᠢ᠃

    ᠯᠢ ᠵᠢᠢ ᠾᠧᠩ᠂ ᠶᠡᠷᠦᠩᠬᠡᠢ ᠱᠦᠵᠢ ᠰᠢ ᠶᠢᠨ ᠫᠢᠩ ᠤᠯᠤᠰ ᠲᠠᠶᠠᠭᠠᠷ ᠤᠨ ᠪᠡᠶ᠎ᠠ ᠶᠢᠨ ᠲᠡᠮᠢᠷ ᠤᠨ ᠲᠡᠷᠢᠭᠦᠨ ᠤ ᠨᠢᠭᠡᠴᠡ᠂ ᠲᠡᠷᠢᠭᠦᠨ ᠤ ᠬᠤᠪᠢ ᠬᠦᠮᠦᠨ ᠤ ᠲᠦᠯᠦᠭᠡᠯᠡᠭᠴᠢᠳ ᠲᠠᠢ ᠠᠭᠤᠯᠵᠠᠬᠤ ᠳᠠᠭᠠᠨ ᠴᠢᠬᠤᠯᠠ ᠶᠠᠷᠢᠶ᠎ᠠ ᠲᠠᠯᠪᠢᠭᠰᠠᠨ᠂ ᠡᠨᠡ ᠨᠢ ᠪᠢᠳᠡᠡ ᠤ ᠪᠡᠶ᠎ᠠ ᠶᠢᠨ ᠲᠡᠮᠢᠷ ᠤᠨ ᠠᠵᠢᠯ ᠢ ᠰᠠᠶᠢᠳᠤᠷ ᠬᠢᠭᠦ ᠪᠠ ᠪᠡᠶ᠎ᠠ ᠶᠢᠨ ᠲᠡᠮᠢᠷ ᠤᠨ ᠦᠢᠯᠡᠰ ᠤᠨ ᠬᠦᠭᠵᠢᠯᠳᠡ ᠶᠢ ᠠᠬᠢᠭᠤᠯᠬᠤ ᠳᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ ᠤᠷᠤᠨ ᠲᠠᠶᠠᠭᠠᠷ ᠤᠨ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨᠴᠠᠭᠠᠢᠢᠯᠠᠨ ᠦᠷᠭᠡᠨ ᠤᠯᠠᠨ ᠲᠠᠮᠢᠷᠴᠢᠨ᠂ ᠲᠠᠰᠬᠠᠯᠵᠢᠭᠤᠯᠤᠬᠴᠢᠳ ᠪᠠ ᠪᠡᠶ᠎ᠠ ᠶᠢᠨ ᠲᠡᠮᠢᠷ ᠤᠨ ᠠᠵᠢᠯᠳᠠᠳ ᠬᠦᠨᠵᠡᠭᠡᠢ ᠰᠤᠷᠤᠯᠴᠠᠨ ᠤᠢᠢᠯᠠᠭᠠᠵᠤ᠂ ᠪᠦᠬᠦ ᠲᠠᠯ᠎ᠠ ᠪᠠᠷ ᠲᠤᠤᠱᠯᠠᠭᠤᠯᠤᠨ ᠨᠡᠶᠢᠳᠡᠪᠦᠷᠢᠵᠢᠭᠤᠯᠬᠤ ᠬᠡᠷᠡᠭᠳᠡᠢ᠃ ᠦᠷᠢᠰᠦᠯᠳᠦᠨ ᠤᠷᠤᠯᠳᠤᠬᠤ ᠪᠠᠶᠢᠳᠠᠯ ᠢᠶᠠᠨ ᠬᠦᠴᠦᠯᠡᠨ ᠪᠠᠳᠤᠯᠠᠵᠤ᠂ ᠲᠤᠷᠰᠢᠯᠭ᠎ᠠ ᠪᠠᠨ ᠬᠢᠨᠠᠮᠠᠭᠠᠢ ᠳ᠋ᠦᠩᠨᠡᠨ᠂ ᠰᠢᠷᠭᠠᠭᠤ ᠬᠠᠳᠠᠭᠤᠵᠢᠯᠳᠡᠢ ᠳᠠᠰᠬᠠᠯᠵᠢᠵᠤ᠂ ᠦᠨᠳᠦᠰᠦᠨ ᠴᠢᠳᠠᠪᠤᠷᠢ ᠪᠠᠨ ᠪᠠᠳᠤᠳᠬᠠᠨ᠂ ᠮᠡᠷᠭᠡᠵᠢᠯ ᠴᠢᠳᠠᠪᠤᠷᠢ ᠪᠠᠨ ᠲᠡᠭᠡᠭᠰᠢᠯᠡᠭᠦᠯᠵᠤ᠂ ᠨᠡᠩ ᠶᠡᠭᠡ ᠲᠠᠪᠠᠯᠳᠠ ᠲᠠᠢ ᠪᠤᠯᠵᠤ᠂ ᠨᠡᠩ ᠰᠠᠶᠢᠨ ᠬᠢᠷᠢ ᠪᠦᠳᠦᠮᠵᠢ ᠤᠯᠬᠤ ᠪᠠᠷ ᠴᠢᠷᠮᠠᠶᠢᠬᠤ ᠬᠡᠷᠡᠭᠳᠡᠢ᠃ ᠪᠡᠶ᠎ᠠ ᠶᠢᠨ ᠲᠡᠮᠢᠷ ᠤᠨ ᠵᠤᠷᠢᠭ ᠰᠠᠨᠠᠭ᠎ᠠ ᠶᠢ ᠬᠦᠴᠦᠯᠡᠨ ᠪᠠᠳᠠᠷᠠᠭᠤᠯᠵᠤ᠂ ᠲᠠᠮᠢᠷᠴᠢᠳ ᠤᠨ ᠵᠤᠷᠢᠬᠳᠠᠢ ᠪᠠᠷ ᠤᠷᠤᠯᠳᠤᠨ ᠵᠤᠷᠢᠬᠳᠠᠢ ᠪᠠᠷ ᠲᠡᠮᠡᠴᠡᠭᠦ᠂ ᠵᠤᠷᠢᠬᠳᠠᠢ ᠪᠠᠷ ᠢᠯᠠᠬᠤ ᠡᠷᠴᠢ ᠵᠤᠷᠢᠭ᠂ ᠬᠦᠴᠦᠷᠭᠡᠭ ᠠᠴᠠ ᠰᠦᠷᠳᠡᠭᠦ ᠦᠭᠡᠢ᠂ ᠬᠦᠴᠢᠷ ᠢ ᠲᠤᠭᠤᠯᠤᠨ ᠪᠡᠷᠭᠡ ᠶᠢ ᠲᠠᠪᠠᠭ᠋ᠤ ᠵᠤᠷᠢᠭ ᠰᠠᠨᠠᠭ᠎ᠠ ᠶᠢ ᠶᠡᠭᠡᠪᠡᠷ ᠤᠬᠠᠭᠤᠯᠦᠨ ᠬᠢᠨᠠᠮᠠᠭᠠᠢ ᠰᠤᠷᠤᠯᠴᠠᠵᠤ᠂ ᠤᠷᠤᠨ ᠲᠠᠶᠠᠭᠠᠷ ᠤᠨ ᠠᠵᠢᠯ ᠬᠢᠵᠤ ᠦᠢᠯᠡᠰ ᠪᠤᠰᠬᠠᠬᠤ ᠡᠷᠴᠢ ᠵᠤᠷᠢᠭ ᠢ ᠴᠢᠨᠠᠬᠰᠢᠳᠠ ᠬᠦᠪᠴᠢᠯᠡᠨ᠂ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠢ ᠵᠤᠷᠢᠬᠵᠢᠭᠤᠯᠤᠨ ᠬᠦᠳᠦᠯᠦᠨ ᠵᠢᠯᠤᠭᠤᠳᠴᠤ ᠡᠭᠡ ᠤᠯᠤᠰ ᠤᠨ ᠤᠮᠠᠷᠠᠳᠦ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢᠶᠠᠨ ᠪᠦᠳᠦᠭᠡᠨ ᠪᠠᠶᠢᠭᠤᠯᠬᠤ ᠠᠭᠤᠤ ᠶᠡᠭᠡ ᠦᠢᠯᠡᠳᠦᠯᠭᠡ ᠲᠤᠮᠳᠠ ᠲᠠᠬᠢᠨ ᠰᠢᠯᠢᠳᠡᠭ ᠠᠮᠵᠢᠯᠳᠡ ᠡᠭᠦᠳᠴᠤ ᠰᠢᠨ᠎ᠠ ᠭᠠᠪᠢᠶ᠎ᠠ ᠪᠠᠶᠢᠭᠤᠯᠬᠤ ᠬᠡᠷᠡᠭᠳᠡᠢ᠃ ᠪᠡᠶ᠎ᠠ ᠶᠢᠨ ᠲᠡᠮᠢᠷ ᠤᠨ ᠦᠢᠯᠡᠰ ᠢ ᠬᠦᠴᠦᠯᠡᠨ ᠬᠦᠭᠵᠢᠭᠦᠯᠵᠤ᠂ ᠢᠷᠬᠡᠳ ᠢᠶᠡᠷ ᠭᠤᠤᠯ ᠪᠤᠯᠭᠠᠬᠤ ᠦᠵᠡᠯ ᠰᠠᠨᠠᠭ᠎ᠠ ᠶᠢ ᠪᠠᠷᠢᠮᠳᠠᠯᠠᠨ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠦᠷᠦᠩᠬᠡ ᠤᠷᠤᠭᠤᠯᠬᠤ ᠡᠷᠴᠢᠮ ᠢᠶᠠᠨ ᠴᠢᠩᠭᠠᠷᠠᠭᠤᠯᠤᠨ᠂ ᠪᠡᠶ᠎ᠠ ᠶᠢᠨ ᠲᠡᠮᠢᠷ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠤ᠂ ᠪᠡᠶ᠎ᠠ ᠶᠢᠨ ᠲᠡᠮᠢᠷ ᠤᠨ ᠤᠢᠢᠯᠠᠭᠠᠬᠳᠠᠬᠤᠨ ᠢᠶᠠᠨ ᠰᠢᠨᠡᠴᠢᠯᠡᠨ ᠤᠯᠠᠨ ᠲᠦᠮᠡᠨᠴᠢ ᠪᠡᠶ᠎ᠠ ᠶᠢᠨ ᠲᠡᠮᠢᠷ᠂ ᠦᠷᠢᠰᠦᠯᠳᠦᠭᠡᠨ ᠤ ᠪᠡᠶ᠎ᠠ ᠶᠢᠨ ᠲᠠᠮᠢᠷ᠂ ᠪᠡᠶ᠎ᠠ ᠶᠢᠨ ᠲᠡᠮᠢᠷ ᠤᠨ ᠠᠵᠤ ᠦᠢᠯᠡᠰ ᠤᠨ ᠵᠤᠬᠢᠴᠠᠩᠭᠤᠢ ᠪᠠᠷ ᠬᠦᠭᠵᠢᠭᠦ ᠶᠢ ᠠᠬᠢᠭᠤᠯᠵᠤ᠂ ᠰᠢᠨ᠎ᠠ ᠭᠠᠷᠤᠭᠠᠨ ᠲᠡᠭᠡᠷ᠎ᠠ ᠮᠠᠨ ᠤ ᠤᠷᠤᠨ ᠤ ᠪᠡᠶ᠎ᠠ ᠶᠢᠨ ᠲᠡᠮᠢᠷ ᠤᠨ ᠦᠢᠯᠡᠰ ᠤᠨ ᠬᠦᠭᠵᠢᠯᠳᠡ ᠶᠢᠨ ᠰᠢᠨ᠎ᠠ ᠪᠠᠶᠢᠳᠠᠯ ᠢ ᠲᠠᠰᠤᠷᠠᠯᠳᠠ ᠦᠭᠡᠢ ᠨᠡᠭᠡᠭᠡᠭᠦ ᠬᠡᠷᠡᠭᠳᠡᠢ ᠬᠡᠵᠤ ᠴᠢᠬᠤᠯᠠᠴᠢᠯᠠᠵᠠᠢ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121645254