蒙古文网站Logo
ᠰᠢᠨᠬᠤᠸᠠ ᠮᠤᠩᠭ᠋ᠤᠯ ᠨᠧᠲ

ᠴᠢᠳᠠᠪᠤᠷᠢᠳᠠᠨ ᠤ ᠬᠦᠭ᠍ᠵᠢᠯᠲᠡ ᠶᠢᠨ ᠪᠠᠶᠢᠭᠤᠯᠤᠮᠵᠢ ᠲᠤᠬᠳᠠᠴᠠ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠭᠦ ᠲᠤᠷᠰᠢᠯᠭ᠎ᠠ ᠰᠤᠯᠢᠯᠴᠬᠠᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠣ ᠰᠤᠷᠤᠯᠴᠠᠨ ᠲᠤᠤᠱᠯᠠᠭᠤᠯᠪᠠ

2017-09-20 11:54

    9 ᠰᠠᠷ᠎ᠠ ᠶᠢᠨ 18 ᠤ ᠡᠳᠦᠷ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭ᠋ᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠴᠢᠳᠠᠪᠤᠷᠢᠳᠠᠨ ᠤ ᠬᠦᠭ᠍ᠵᠢᠯᠲᠡ ᠶᠢᠨ ᠪᠠᠶᠢᠭᠤᠯᠤᠮᠵᠢ ᠲᠤᠬᠳᠠᠴᠠ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠭᠦ ᠲᠤᠷᠰᠢᠯᠭ᠎ᠠ ᠰᠤᠯᠢᠯᠴᠠᠬᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠤᠷᠤᠨ ᠤ ᠲᠤᠤᠱᠯᠠᠭᠤᠯᠤᠨ ᠨᠡᠶᠢᠳᠡᠪᠦᠷᠢᠵᠢᠭᠤᠯᠬᠤ ᠠᠵᠢᠯ ᠢ ᠰᠤᠳᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠡᠷᠬᠢᠯᠡᠪᠡ᠃        

    ᠬᠤᠷᠠᠯ ᠠᠴᠠ᠂ ᠴᠢᠳᠠᠪᠤᠷᠢᠳᠠᠨ ᠪᠤᠯ ᠠᠵᠤ ᠠᠬᠤᠢ ᠨᠡᠶᠢᠭᠡᠮ ᠤᠨ ᠬᠦᠭ᠍ᠵᠢᠯᠳᠡ ᠶᠢᠨ ᠨᠢᠭᠡᠳᠦᠭᠡᠷ ᠡᠭᠢ ᠪᠠᠶᠠᠯᠢᠭ ᠪᠤᠯᠤᠨ᠎ᠠ᠃ ᠨᠠᠮ ᠤᠨ ᠠᠷᠪᠠᠨ ᠨᠠᠶ᠋ᠮᠠᠲᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠴᠢᠳᠠᠪᠤᠷᠢᠳᠠᠨ ᠤ ᠠᠵᠢᠯ ᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠪᠠ᠃ ᠶᠡᠷᠦᠩᠬᠡᠢ ᠱᠦᠵᠢ ᠰᠢ ᠶᠢᠨ ᠫᠢᠩ ᠠᠭᠤᠤ ᠶᠡᠭᠡ ᠲᠡᠮᠡᠴᠡᠯ ᠬᠢᠭᠦ᠂ ᠠᠭᠤᠤ ᠶᠡᠭᠡ ᠢᠨᠵᠧᠨᠧᠷᠢᠩ ᠢ ᠪᠠᠶᠢᠭᠤᠯᠬᠤ᠂ ᠠᠭᠤᠤ ᠶᠡᠭᠡ ᠦᠢᠯᠡᠰ ᠢ ᠠᠬᠢᠭᠤᠯᠬᠤ᠂ ᠠᠭᠤᠤ ᠶᠡᠭᠡ ᠬᠦᠰᠡᠯ ᠮᠦᠷᠦᠭᠡᠲᠦᠯ ᠢ ᠪᠡᠶᠡᠯᠡᠬᠦᠯᠬᠦ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠴᠢᠳᠠᠪᠤᠷᠢᠳᠠᠨ ᠤ ᠬᠦᠭ᠍ᠵᠢᠯᠲᠡ ᠶᠢᠨ ᠳᠣᠬᠠᠢ ᠰᠢᠨ᠎ᠠ ᠦᠵᠡᠯ ᠰᠠᠨᠠᠭ᠎ᠠ ᠰᠢᠨ᠎ᠡ ᠨᠤᠳᠠᠯᠠᠯᠳᠠ ᠰᠢᠨ᠎ᠠ ᠱᠠᠭᠠᠷᠳᠠᠯᠭ᠎ᠠ ᠨᠤᠭᠤᠳ ᠢ ᠲᠤᠷᠠᠳᠴᠤ᠂ ᠰᠢᠨ᠎ᠠ ᠲᠡᠤᠭᠡᠨ ᠨᠦᠬᠦᠴᠡᠯ ᠲᠤᠤᠷ᠎ᠠ ᠴᠢᠳᠠᠪᠤᠷᠢᠳᠠᠨ ᠤ ᠬᠦᠭ᠍ᠵᠢᠯᠲᠡ ᠶᠢᠨ ᠴᠢᠬᠤᠯᠡ ᠶᠡᠭᠡ ᠤᠨᠤᠯ ᠪᠠ ᠦᠢᠯᠡᠳᠦᠯᠭᠡ ᠶᠢᠨ ᠠᠰᠠᠭᠤᠳᠠᠯ ᠳᠤ ᠬᠦᠨᠵᠡᠭᠡᠢ ᠬᠠᠷᠢᠭᠤᠯᠳᠠ ᠦᠭᠴᠤ᠂ ᠲᠤᠮᠳᠠᠳᠤ  ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠴᠢᠳᠠᠪᠤᠷᠢᠳᠠᠨ ᠤ ᠤᠨᠤᠯ ᠢ ᠲᠦᠢᠯ ᠤᠨ ᠶᠡᠭᠡᠪᠡᠷ ᠪᠠᠶᠠᠯᠢᠬᠵᠢᠭᠤᠯᠤᠨ ᠬᠦᠭ᠍ᠵᠢᠭᠦᠯᠪᠡ ᠬᠡᠵᠤ ᠵᠢᠭᠠᠵᠤ ᠭᠠᠷᠭᠠᠪᠠ᠃

    ᠬᠤᠷᠠᠯ ᠠᠴᠠ᠂ ᠤᠷᠤᠨ ᠲᠠᠶᠠᠭᠠᠷ ᠤᠨ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ 《ᠲᠦᠷᠪᠡᠨ ᠤᠬᠠᠮᠰᠠᠷ》 ᠢ᠋ ᠪᠠᠳᠤ ᠪᠠᠬᠢ ᠪᠤᠢ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠳᠠᠪᠤᠷᠢᠳᠠᠨ ᠤ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠲᠦᠪ ᠤᠨ 《ᠴᠢᠳᠠᠪᠤᠷᠢᠳᠠᠨ ᠤ ᠬᠦᠭ᠍ᠵᠢᠯᠲᠡ ᠶᠢᠨ ᠪᠠᠶᠢᠭᠤᠯᠤᠮᠵᠢ ᠲᠤᠬᠳᠠᠴᠠ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠭᠦ ᠲᠤᠬᠠᠢ ᠰᠠᠨᠠᠯ》  ᠋ ᠋ ᠤ᠋ᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠡᠶᠢᠳᠡᠪᠦᠷᠢᠵᠢᠭᠤᠯᠵᠤ᠂  ᠴᠢᠳᠠᠪᠤᠷᠢᠳᠡᠨ ᠤ ᠬᠦᠭ᠍ᠵᠢᠯᠳᠡ ᠶᠢᠨ ᠪᠠᠶᠢᠭᠤᠯᠤᠮᠵᠢ ᠲᠤᠬᠳᠠᠴᠠ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠭᠦ ᠲᠤᠷᠰᠢᠯᠭ᠎ᠠ ᠰᠤᠯᠢᠯᠴᠠᠬᠤ ᠬᠤᠷᠠᠯ ᠤᠨ ᠱᠠᠭᠠᠷᠳᠠᠯᠭ᠎ᠠ ᠶᠤᠰᠤᠭᠠᠷ ᠦᠭᠡᠷᠡᠴᠢᠯᠡᠯᠳᠡ ᠶᠢᠨ ᠡᠯ᠎ᠠ ᠵᠦᠢᠯ ᠤᠨ ᠭᠤᠤᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠵᠤ᠂ 《ᠦᠵᠡᠰᠭᠦᠯᠡᠩᠳᠦ ᠰᠠᠶᠢᠬᠠᠨ ᠦᠪᠦᠷ ᠮᠤᠩᠭ᠋ᠤᠯ ᠢᠶᠡᠨ ᠪᠦᠳᠦᠭᠡᠨ ᠪᠠᠶᠢᠭᠤᠯᠵᠤ ᠠᠭᠤᠤ ᠶᠡᠭᠡ ᠲᠤᠮᠳᠠᠳᠤ ᠶᠢᠨ ᠬᠦᠰᠡᠯ ᠮᠦᠷᠦᠭᠡᠲᠦᠯ ᠢᠶᠡᠨ ᠬᠠᠮᠳᠤᠪᠡᠷ ᠪᠡᠶᠡᠯᠡᠬᠦᠯᠬᠦ》 ᠳ᠋ᠤ ᠬᠦᠴᠦᠨ ᠪᠦᠬᠦᠢ ᠴᠢᠳᠠᠪᠤᠷᠢᠳᠠᠨ ᠤ ᠲᠤᠯᠭᠠᠭᠤᠷᠢᠯᠠᠯ ᠬᠠᠩᠭ᠋ᠠᠬᠤ ᠬᠡᠷᠡᠭᠳᠡᠢ᠃ ᠪᠠᠶᠢᠯᠳᠤᠬᠤ ᠪᠤᠳᠤᠯᠭ᠎ᠠ ᠶᠢᠨ ᠰᠡᠳᠬᠢᠭᠦᠢ᠂ ᠪᠦᠬᠦ ᠲᠠᠯ᠎ᠠ ᠶᠢᠨ ᠤᠬᠠᠮᠰᠠᠷ ᠢᠶᠠᠨ ᠴᠢᠩᠭ᠋ᠠᠳᠬᠠᠵᠤ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠴᠢᠬᠤᠯᠠ ᠶᠡᠭᠡ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠲᠠᠭᠠᠬᠤ ᠪᠠ ᠦᠢᠯᠡᠴᠢᠯᠡᠬᠦ ᠳᠡᠭᠡᠷ᠎ᠡ ᠠᠩᠬᠠᠷᠣᠯ ᠢᠶᠠᠨ ᠲᠦᠪᠯᠡᠷᠡᠭᠦᠯᠵᠦ᠂ ᠴᠢᠳᠠᠪᠤᠷᠢᠳᠠᠨ ᠤ ᠬᠦᠭ᠍ᠵᠢᠯᠳᠡ ᠶᠢᠨ ᠪᠠᠶᠢᠭᠤᠯᠤᠮᠵᠢ ᠲᠤᠬᠳᠠᠴᠠ ᠶᠢᠨ ᠦᠭᠡᠷᠡᠴᠢᠯᠡᠯᠳᠡ ᠶᠢ ᠬᠢᠨᠠᠮᠠᠭᠠᠢ  ᠲᠦᠯᠦᠪᠵᠢᠭᠦᠯᠦᠨ ᠠᠬᠢᠭᠤᠯᠵᠤ᠂ ᠴᠢᠳᠠᠪᠤᠷᠢᠳᠠᠨ ᠢ ᠨᠡᠩ ᠰᠠᠶᠢᠳᠤᠷ ᠲᠦᠪᠯᠡᠷᠡᠭᠦᠯᠦᠨ᠂ ᠴᠢᠳᠠᠪᠤᠷᠢᠳᠠᠨ ᠢ ᠨᠡᠩ ᠰᠠᠶᠢᠨ ᠬᠦᠮᠦᠵᠢᠭᠦᠯᠵᠤ᠂ ᠴᠢᠳᠠᠪᠤᠷᠢᠳᠠᠨ ᠢ ᠨᠡᠩ ᠰᠠᠶᠢᠳᠤᠷ ᠢᠯᠡᠷᠡᠭᠦᠯᠤᠨ᠂ ᠴᠢᠳᠠᠪᠤᠷᠢᠳᠠᠨ ᠤ ᠬᠦᠭ᠍ᠵᠢᠯᠳᠡ ᠬᠢᠭᠡᠳ ᠠᠵᠤ ᠠᠬᠤᠢ ᠨᠡᠶᠢᠭᠡᠮ ᠤᠨ ᠬᠦᠭ᠍ᠵᠢᠯᠳᠡ ᠶᠢᠨ ᠬᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠳᠡᠢ᠃ 《ᠴᠢᠳᠠᠪᠤᠷᠢᠳᠠᠨ ᠬᠡᠷᠡᠭᠯᠡᠬᠦ ᠭᠤᠤᠯ ᠴᠤᠬᠴᠠ ᠳᠤ ᠡᠷᠭᠡ ᠦᠭ᠍ᠬᠦ᠂ ᠴᠢᠳᠠᠪᠤᠷᠢᠳᠠᠨ ᠤ ᠬᠦᠯᠢᠶᠡᠰᠦᠯᠡᠯ ᠢ ᠰᠤᠯᠠᠯᠠᠬᠤ》ᠦᠭᠡᠷᠡᠴᠢᠯᠡᠯᠳᠡ ᠶᠢᠨ ᠭᠤᠤᠯ ᠠᠭᠤᠯᠭ᠎ᠠ ᠶᠢ ᠪᠠᠳᠤ  ᠡᠵᠡᠮᠰᠢᠵᠤ᠂ ᠴᠢᠳᠠᠪᠤᠷᠢᠳᠠᠨ ᠤ ᠡᠬᠢ ᠪᠠᠶᠠᠯᠢᠭ ᠢ ᠲᠤᠬᠢᠷᠠᠭᠤᠯᠬᠤ ᠲᠤᠮᠳᠠᠬᠢ ᠵᠠᠬ᠎ᠠ ᠲᠡᠯᠭᠡᠭᠦᠷ ᠤᠨ ᠰᠢᠢᠳᠪᠦᠷᠢᠯᠡᠭᠴᠢ ᠴᠢᠨᠠᠷᠳᠠᠢ ᠦᠢᠯᠡᠳᠦᠯ ᠢ ᠬᠦᠢᠴᠡᠳ ᠪᠠᠳᠠᠷᠠᠭᠤᠯᠬᠤ ᠪᠠ ᠵᠠᠰᠠᠭ ᠤᠨ ᠤᠷᠳᠤᠨ ᠤ ᠦᠢᠯᠡᠳᠦᠯ ᠢ ᠨᠡᠩ ᠰᠠᠶᠢᠳᠤᠷ ᠪᠠᠳᠠᠷᠠᠭᠤᠯᠵᠤ᠂ ᠴᠢᠳᠠᠪᠤᠷᠢᠳᠠᠨ ᠢ ᠬᠠᠮᠢᠶᠠᠷᠬᠤ ᠡᠭᠦᠷᠭᠡ ᠴᠢᠳᠠᠪᠬᠢᠳᠦ ᠰᠠᠯᠠᠭ᠎ᠠ ᠮᠦᠴᠢᠷ ᠤᠨ ᠵᠠᠰᠠᠭ ᠢ ᠴᠤᠮᠬᠠᠳᠬᠠᠨ ᠡᠷᠭᠡ ᠶᠢ ᠲᠠᠯᠪᠢᠬᠤ ᠶᠢ ᠠᠬᠢᠭᠤᠯᠵᠤ᠂ ᠴᠢᠳᠠᠪᠤᠷᠢᠳᠠᠨ ᠢ ᠣᠷᠣᠭᠤᠯᠣᠨ ᠠᠪᠴᠢᠷᠠᠬᠤ ᠴᠢᠳᠠᠪᠤᠷᠢᠳᠠᠨ ᠢ ᠬᠡᠷᠡᠭᠯᠡᠭᠦ ᠨᠡᠶᠢᠭᠡᠮ ᠤᠨ ᠡᠯ᠎ᠠ ᠲᠠᠯ᠎ᠠ ᠶᠢᠨ ᠢᠳᠡᠪᠬᠢᠵᠢᠯ ᠢ ᠦᠷᠭᠡᠨ ᠢᠶᠠᠷ ᠲᠠᠶᠢᠴᠢᠯᠡᠵᠤ᠂ ᠨᠡᠩ ᠠᠮᠢᠵᠢᠷᠠᠯ ᠤᠨ ᠬᠦᠴᠦᠨ ᠪᠦᠬᠦᠢ ᠴᠢᠳᠠᠪᠤᠷᠢᠳᠠᠨ ᠤ ᠬᠦᠭ᠍ᠵᠢᠯᠳᠡ ᠶᠢᠨ ᠪᠠᠶᠢᠭᠤᠯᠤᠮᠵᠢ ᠲᠤᠬᠳᠠᠴᠠ ᠶᠢ ᠲᠦᠷᠭᠡᠳᠬᠡᠨ ᠪᠦᠷᠢᠯᠳᠦᠭᠦᠯᠭᠦ ᠬᠡᠷᠡᠭᠳᠡᠢ᠃《ᠲᠠᠯ᠎ᠠ ᠨᠤᠳᠤᠭ ᠤᠨ ᠰᠤᠳᠤᠨ ᠴᠢᠳᠠᠪᠤᠷᠢᠳᠠᠨ》 ᠤ ᠢᠨᠵᠧᠨᠧᠷᠢᠩ ᠢᠶᠠᠷ ᠭᠠᠷᠳᠠᠴᠠ ᠪᠤᠯᠭᠠᠨ 《ᠭᠤᠷᠪᠠᠨ ᠲᠠᠪᠴᠠᠩ》 ᠢ ᠪᠠᠶᠢᠭᠤᠯᠬᠤ ᠪᠠ ᠠᠷᠪᠠᠨ ᠶᠡᠭᠡ 《ᠵᠠᠭᠤᠨ ᠬᠦᠮᠦᠨ ᠤ ᠲᠦᠯᠦᠪᠯᠡᠭᠡ》 ᠶᠢ ᠬᠡᠷᠡᠭᠵᠢᠭᠦᠯᠭᠦ ᠪᠠᠷ ᠭᠤᠤᠯᠳᠠᠯᠭ᠎ᠠ ᠪᠤᠯᠭᠠᠵᠤ᠂ ᠨᠡᠩ ᠢᠳᠡᠪᠬᠢᠳᠡᠢ᠂ ᠨᠡᠩ ᠨᠡᠭᠡᠭᠡᠯᠳᠡ ᠲᠠᠢ ᠴᠢᠳᠠᠪᠤᠷᠢᠳᠠᠨ ᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ᠂ ᠣᠶᠠᠨ ᠬᠠᠳᠠᠨ ᠢᠶᠠᠷ ᠴᠢᠳᠠᠪᠤᠷᠢᠳᠠᠨ ᠢ ᠣᠷᠣᠭᠤᠯᠣᠨ ᠠᠪᠴᠢᠷᠠᠬᠤ ᠴᠢᠳᠠᠪᠤᠷᠢᠳᠠᠨ ᠢ ᠬᠡᠷᠡᠭᠯᠡᠭᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠂ ᠴᠢᠳᠠᠪᠤᠷᠢᠳᠠᠨ ᠤ ᠬᠦᠭ᠍ᠵᠢᠯᠳᠡ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠡᠭᠦᠳᠦᠨ ᠦᠭ᠍ᠬᠦ ᠬᠡᠷᠡᠭᠳᠡᠢ᠃ ᠡᠯ᠎ᠠ ᠱᠠᠳᠤᠨ ᠤ ᠨᠠᠮ ᠤᠨ ᠬᠤᠷᠢᠶ᠎ᠠ ᠨᠠᠮ ᠠᠴᠠ ᠴᠢᠳᠠᠪᠤᠷᠢᠳᠠᠨ ᠢ ᠬᠠᠮᠢᠶᠠᠷᠬᠤ ᠵᠠᠷᠴᠢᠮ ᠢ ᠪᠠᠷᠢᠮᠳᠠᠯᠠᠨ ᠬᠤᠷᠸ᠎ᠠ ᠵᠦᠢᠯᠡᠰ ᠢ ᠬᠠᠮᠢᠶᠠᠷᠬᠤ᠂ ᠲᠦᠷᠦ ᠶᠢᠨ ᠪᠤᠳᠤᠯᠭ᠎ᠠ ᠶᠢ ᠬᠠᠮᠢᠶᠠᠷᠬᠤ᠂ ᠵᠤᠬᠢᠴᠠᠭᠤᠯᠬᠤ ᠶᠢ ᠬᠠᠮᠢᠶᠠᠷᠬᠤ᠂ ᠦᠢᠯᠡᠴᠢᠯᠡᠭᠡ ᠶᠢ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠭᠦ ᠬᠡᠷᠡᠭᠳᠡᠢ᠃ ᠡᠯ᠎ᠠ ᠱᠠᠳᠤᠨ ᠤ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠲᠦᠷᠦᠭᠦᠯᠡᠨ ᠠᠳᠬᠤᠬᠤ ᠶᠡᠷᠦᠩᠬᠡᠢ ᠦᠢᠯᠡᠳᠦᠯ ᠢᠶᠠᠨ ᠰᠠᠶᠢᠳᠤᠷ ᠪᠠᠳᠠᠷᠠᠭᠤᠯᠵᠤ᠂ ᠦᠭᠡᠷᠡᠴᠢᠯᠡᠯᠳᠡ ᠶᠢᠨ ᠪᠤᠳᠠᠳᠤ ᠦᠷ᠎ᠠ ᠪᠦᠳᠦᠮᠵᠢ ᠤᠯᠬᠤ ᠶᠢ ᠪᠠᠳᠤᠯᠠᠬᠤ ᠬᠡᠷᠡᠭᠳᠡᠢ᠃ ᠬᠦᠳᠡᠯᠮᠤᠷᠢ ᠶᠢ ᠬᠦᠨᠳᠦᠳᠭᠡᠭᠦ᠂ ᠮᠡᠳᠡᠯᠭᠡ ᠶᠢ ᠬᠦᠨᠳᠦᠳᠭᠡᠭᠦ᠂ ᠴᠢᠳᠠᠪᠤᠷᠢᠳᠠᠨ ᠢ ᠬᠦᠨᠳᠦᠳᠭᠡᠭᠦ᠂ ᠡᠭᠦᠳᠦᠯᠲᠡ ᠪᠦᠳᠦᠭᠡᠯᠳᠡ ᠶᠢ ᠬᠦᠨᠳᠦᠳᠭᠡᠭᠦ ᠨᠡᠶᠢᠭᠡᠮ ᠤᠨ ᠬᠡᠪ ᠰᠤᠷᠳᠠᠯ ᠢ ᠶᠡᠭᠡᠪᠡᠷ ᠪᠤᠢ ᠪᠤᠯᠭᠠᠵᠤ᠂ ᠡᠯ᠎ᠠ ᠵᠦᠢᠯ ᠤᠨ ᠴᠢᠳᠠᠪᠤᠷᠢᠳᠠᠨ ᠤ ᠠᠵᠢᠯ ᠬᠢᠵᠤ ᠦᠢᠯᠡᠰ ᠪᠤᠰᠬᠠᠬᠤ ᠪᠠ ᠦᠢᠯᠡᠳᠦᠯ ᠢᠶᠠᠨ ᠪᠠᠳᠠᠷᠠᠭᠤᠯᠬᠤ ᠳᠤ ᠠᠰᠢᠬ ᠲᠠᠢ ᠠᠮᠢᠳᠤᠯᠢᠭ ᠤᠷᠴᠢᠨ ᠢ ᠪᠤᠢ ᠪᠤᠯᠭᠠᠬᠤ ᠶᠢ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠵᠠᠢ᠃     

    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120791121694643