蒙古文网站Logo
ᠰᠢᠨᠬᠤᠸᠠ ᠮᠤᠩᠭ᠋ᠤᠯ ᠨᠧᠲ

ᠶᠡᠷᠦᠩᠬᠡᠢ ᠰᠠᠶᠢᠳ ᠯᠢ ᠺᠧ ᠴᠢᠶᠠᠩ ᠵᠡᠷᠭᠡ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠳᠤᠷᠢᠳᠬᠤ ᠨᠦᠬᠦᠳ ᠤᠨ ᠴᠢᠬᠤᠯᠠ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠵᠣ ᠵᠠᠰᠠᠭ ᠤᠨ ᠤᠷᠳᠤᠨ ᠤ ᠦᠷᠢ ᠦᠭᠴᠡᠭᠡ ᠶᠢᠨ ᠬᠠᠮᠢᠶᠠᠷᠤᠯᠳᠠ ᠶᠢ ᠴᠢᠨᠠᠭᠰᠢᠳᠠ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠰᠠᠨᠠᠯ ᠵᠡᠷᠭᠡ ᠵᠦᠢᠯᠡᠰ ᠢ ᠰᠤᠳᠤᠯᠪᠠ

2017-09-20 12:01

    9 ᠰᠠᠷ᠎ᠠ ᠶᠢᠨ 18 ᠤ ᠡᠳᠤᠷ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭ᠋ᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠥ᠂ ᠶᠡᠷᠦᠩᠬᠡᠢ ᠰᠠᠶᠢᠳ ᠯᠢ ᠺᠧ ᠴᠢᠶᠠᠩ ᠵᠡᠷᠭᠡ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠳᠤᠷᠢᠳᠬᠤ ᠨᠦᠬᠦᠳ ᠤᠨ ᠮᠦᠩᠬᠦᠨ ᠬᠦᠢᠯᠭᠡᠭᠡᠨ ᠤ ᠲᠦᠭᠰᠢᠭᠦᠷᠢ ᠶᠢ ᠰᠡᠷᠬᠡᠶᠢᠯᠡᠬᠦ ᠲᠤᠬᠠᠢ ᠴᠢᠬᠤᠯᠠ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠵᠣ᠂ ᠵᠠᠰᠠᠭ ᠤᠨ ᠤᠷᠳᠤᠨ ᠤ ᠦᠷᠢ ᠦᠭᠴᠡᠭᠡ ᠶᠢᠨ ᠬᠠᠮᠢᠶᠠᠷᠤᠯᠳᠠ ᠶᠢ ᠴᠢᠨᠠᠭᠰᠢᠳᠠ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠰᠠᠨᠠᠯ᠂ ᠵᠠᠰᠠᠭ ᠤᠨ ᠤᠷᠳᠤᠨ ᠤ ᠪᠡᠯᠡ ᠤᠷᠤᠭᠤᠯᠬᠤ ᠲᠦᠷᠦᠯ ᠵᠦᠢᠯ ᠤᠨ ᠬᠠᠮᠢᠶᠠᠷᠤᠯᠳᠠ ᠶᠢᠨ ᠳᠤᠭᠳᠠᠭᠠᠯ ᠵᠡᠷᠭᠡ ᠵᠦᠢᠯᠡᠰ ᠢ ᠰᠤᠳᠤᠯᠪᠠ᠃     

    ᠬᠤᠷᠠᠯ ᠠᠴᠠ᠂ ᠶᠡᠷᠦᠩᠬᠡᠢ ᠰᠠᠶᠢᠳ ᠯᠢ ᠺᠧ ᠴᠢᠶᠠᠩ ᠵᠡᠷᠭᠡ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠳᠤᠷᠢᠳᠬᠤ ᠨᠦᠬᠦᠳ ᠤᠨ ᠴᠣᠬᠤᠯᠠᠪᠣᠷᠢ ᠨᠢ ᠵᠠᠰᠠᠭ ᠤᠨ ᠤᠷᠳᠤᠨ ᠤ ᠦᠷᠢ ᠦᠭᠴᠡᠭᠡ ᠶᠢᠨ ᠬᠠᠮᠢᠶᠠᠷᠤᠯᠳᠠ ᠶᠢ ᠵᠢᠷᠣᠮᠵᠢᠭᠤᠯᠬᠤ᠂ ᠦᠷᠢ ᠦᠭᠴᠡᠭᠡ ᠶᠢᠨ ᠨᠡᠮᠡᠭᠳᠡᠯ ᠢ ᠴᠢᠩᠭ᠋᠎ᠠ ᠬᠢᠵᠠᠭᠠᠷᠯᠠᠬᠤ᠂ ᠡᠳ᠋ ᠤᠨ ᠵᠠᠰᠠᠭ ᠮᠦᠩᠬᠦᠨ ᠬᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠵᠡᠷᠭᠡ ᠳᠤ ᠳᠤᠳᠤᠷᠬᠠᠢ ᠱᠠᠭᠠᠷᠳᠠᠯᠭ᠎ᠠ ᠲᠤᠷᠠᠳᠴᠠᠢ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠬᠢᠨ ᠬᠢᠨᠠᠮᠠᠭᠠᠢ ᠰᠤᠷᠤᠯᠴᠠᠨ ᠤᠢᠢᠯᠠᠭᠠᠵᠤ᠂《ᠲᠦᠷᠪᠡᠨ ᠤᠬᠠᠮᠰᠠᠷ》 ᠢᠶᠡᠨ ᠴᠢᠨᠠᠭᠰᠢᠳᠠ ᠴᠢᠩᠭ᠋ᠠᠳᠬᠠᠵᠤ᠂ ᠰᠢᠨ᠎ᠡ ᠬᠦᠭ᠍ᠵᠢᠯᠳᠡ ᠶᠢᠨ ᠤᠢᠢᠯᠠᠭᠠᠭᠳᠠᠬᠤᠨ ᠪᠣᠯᠣᠨ ᠵᠦᠪ ᠤᠯᠤᠰ ᠲᠦᠷᠦ ᠶᠢᠨ ᠠᠮᠵᠢᠯᠳᠠ ᠶᠢᠨ ᠦᠵᠡᠯᠳᠡ ᠶᠢ ᠪᠠᠳᠣ ᠪᠠᠬᠢ ᠪᠣᠢ ᠪᠣᠯᠭᠠᠵᠣ᠂ ᠬᠠᠤᠯᠢ ᠶᠤᠰᠤᠭᠠᠷ ᠰᠢᠨᠵᠢᠯᠡᠬᠦ  ᠤᠬᠠᠭᠠᠨᠴᠢ ᠪᠠᠷ ᠠᠷᠠᠳᠴᠢᠯᠠᠯ ᠢᠶᠠᠷ ᠰᠢᠢᠳᠪᠦᠷᠢᠳᠦ ᠪᠣᠳᠣᠯᠭ᠎ᠠ ᠳᠣᠭᠳᠠᠭᠠᠵᠣ᠂ ᠬᠠᠷᠢᠭᠤᠴᠠᠯᠭ᠎ᠠ ᠶᠢ ᠴᠢᠩᠭ᠋᠎ᠠ ᠨᠠᠶᠢᠳᠠᠪᠤᠷᠢᠵᠢᠭᠤᠯᠤᠨ ᠡᠯ᠎ᠡ ᠪᠤᠭᠤᠮᠳᠠ ᠶᠢ ᠴᠢᠩᠭ᠋᠎ᠠ ᠰᠠᠬᠢᠵᠣ᠂ ᠬᠢᠨᠠᠨ ᠪᠠᠶᠢᠴᠠᠭᠠᠬᠤ ᠡᠷᠴᠢᠮ ᠢᠶᠠᠨ ᠴᠢᠩᠭ᠋ᠠᠷᠠᠭᠤᠯᠤᠨ ᠨᠡᠩ ᠡᠷᠡᠰ ᠪᠠᠳᠣ ᠤᠯᠤᠰ ᠲᠦᠷᠦ ᠶᠢᠨ ᠤᠬᠠᠮᠰᠠᠷ ᠢᠶᠠᠷ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠳ᠋ ᠤᠨ ᠵᠠᠰᠠᠭ ᠮᠦᠩᠭᠦᠨ ᠬᠦᠢᠯᠭᠡᠭᠡᠨ ᠤ  ᠲᠦᠭᠰᠢᠭᠦᠷᠢ ᠶᠢ ᠰᠡᠷᠭᠡᠶᠢᠯᠡᠬᠦ ᠳᠣᠬᠠᠢ ᠡᠯ᠎ᠡ ᠵᠦᠢᠯ ᠤᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠳᠠ ᠶᠢ ᠪᠦᠬᠦ ᠳᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠰᠢᠰᠲ᠋ᠧᠮᠲᠦ ᠴᠢᠨᠠᠷᠳᠠᠢ ᠮᠦᠩᠭᠦᠨ ᠬᠦᠢᠯᠭᠡᠭᠡᠨ ᠤ ᠲᠦᠭᠰᠢᠭᠦᠷᠢ ᠦᠯᠦ ᠡᠭᠦᠰᠭᠡᠬᠦ ᠬᠤᠷᠢᠭ᠎ᠠ ᠱᠣᠭᠤᠮ ᠢ ᠪᠠᠳᠤ ᠰᠠᠬᠢᠬᠤ ᠬᠡᠷᠡᠭᠳᠠᠢ ᠭᠡᠵᠦ ᠵᠢᠭᠠᠵᠣ ᠭᠠᠷᠭᠠᠪᠠ᠃     

    ᠬᠤᠷᠠᠯ ᠠᠴᠠ᠂ ᠵᠠᠰᠠᠭ ᠤᠨ ᠤᠷᠳᠤᠨ ᠤ ᠦᠷᠢ ᠦᠭᠴᠡᠭᠡ ᠶᠢᠨ ᠬᠠᠮᠢᠶᠠᠷᠤᠯᠳᠠ ᠶᠢ ᠴᠢᠩᠭ᠋ᠠᠳᠬᠠᠬᠤ ᠪᠤᠯ ᠡᠳ᠋ ᠤᠨ ᠵᠠᠰᠠᠭ ᠮᠦᠩᠬᠦᠨ ᠬᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ ᠨᠢᠬᠡᠳᠦᠯᠳᠠᠢ ᠲᠦᠯᠦᠪᠵᠢᠭᠦᠯᠦᠨ ᠨᠡᠶᠢᠳᠡ ᠳᠤᠨᠢ ᠬᠠᠷᠠᠭᠠᠯᠵᠠᠬᠤ᠂ ᠡᠷᠭᠡ ᠬᠠᠷᠢᠭᠤᠴᠠᠯᠭ᠎ᠠ ᠶᠢ ᠨᠢᠭᠡᠳᠦᠯᠳᠠᠢ ᠪᠠᠶᠢᠯᠭᠠᠬᠤ᠂ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠬᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠤᠷᠢᠭ᠎ᠠ ᠱᠣᠭᠤᠮ ᠤᠨ ᠰᠡᠳᠬᠢᠬᠦᠢ ᠶᠢᠨ ᠵᠠᠷᠴᠢᠮ ᠢ ᠪᠠᠷᠢᠮᠳᠠᠯᠠᠬᠤ᠂ ᠤᠯᠠᠨ ᠠᠷᠭ᠎ᠠ ᠶᠢ ᠵᠡᠷᠭᠡᠪᠡᠷ ᠬᠡᠷᠡᠭᠯᠡᠬᠦ᠂ ᠰᠢᠨ᠎ᠡ ᠦᠷᠢ ᠶᠢ ᠡᠷᠡᠰ ᠬᠢᠵᠠᠭᠠᠷᠯᠠᠬᠤ᠂ ᠬᠠᠭᠤᠴᠢᠨ ᠦᠷᠢ ᠶᠢ ᠪᠠᠶᠢᠴᠠᠭᠠᠨ ᠳᠣᠳᠣᠯᠠᠬᠤ᠂ ᠬᠠᠷᠢᠭᠤᠴᠠᠯᠭ᠎ᠠ ᠶᠢ ᠳᠤᠳᠤᠷᠬᠠᠢᠢᠯᠠᠬᠤ᠂ ᠲᠦᠷᠦᠯ ᠬᠤᠪᠢᠶᠠᠨ ᠰᠢᠢᠳᠪᠦᠷᠢᠯᠡᠬᠦ᠂ ᠠᠯᠬᠤᠮ ᠠᠯᠬᠤᠮ ᠢᠶᠠᠷ ᠨᠠᠮᠳᠠᠭᠤᠯᠬᠤ ᠠᠵᠢᠯ ᠤᠨ ᠰᠡᠳᠬᠢᠴᠡ ᠶᠣᠰᠣᠭᠠᠷ᠂ ᠵᠠᠰᠠᠭ ᠤᠨ ᠤᠷᠳᠤᠨ ᠤ ᠦᠷᠢ ᠦᠭᠴᠡᠭᠡ ᠶᠢᠨ ᠨᠡᠮᠡᠭᠳᠡᠯ ᠢ ᠴᠢᠩᠭ᠋᠎ᠠ ᠬᠢᠵᠠᠭᠠᠷᠯᠠᠵᠤ᠂ ᠦᠯᠡᠳᠡᠵᠦ ᠪᠠᠶᠢᠭ᠎ᠠ ᠦᠷᠢ ᠦᠭᠴᠡᠭᠡ ᠶᠢ ᠡᠮᠬᠢ ᠵᠢᠷᠣᠮ ᠲᠠᠢ ᠠᠯᠬᠤᠮ ᠳᠠᠷᠠᠭ᠎ᠠ ᠲᠠᠢ ᠰᠢᠢᠳᠪᠦᠷᠢᠯᠡᠵᠤ᠂ ᠵᠠᠰᠠᠭ ᠤᠨ ᠣᠷᠳᠣᠨ ᠤ ᠦᠷᠢᠳᠡᠬᠦ ᠠᠵᠢᠯᠯᠠᠭ᠎ᠠ ᠶᠢ ᠪᠦᠬᠦ ᠳᠠᠯ᠎ᠠ ᠪᠠᠷ ᠵᠢᠷᠣᠮᠵᠢᠭᠤᠯᠬᠤ ᠬᠡᠷᠡᠭᠳᠠᠢ᠃ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭ᠋ᠠᠳᠬᠠᠵᠤ᠂ ᠬᠢᠨᠠᠯᠳᠠ ᠬᠠᠮᠢᠶᠠᠷᠤᠯᠳᠠ ᠪᠠᠨ ᠴᠢᠩᠭ᠋ᠠᠳᠬᠠᠵᠤ᠂ ᠬᠠᠷᠢᠭᠤᠴᠠᠯᠭ᠎ᠠ ᠶᠢ ᠴᠢᠩᠭ᠋᠎ᠠ ᠨᠡᠬᠡᠮᠵᠢᠯᠡᠨ ᠳᠣᠯᠭᠠᠵᠣ᠂ ᠬᠠᠤᠯᠢ ᠳᠤᠭᠳᠠᠭᠠᠯ ᠠᠴᠠ ᠵᠦᠷᠢᠴᠡᠨ ᠦᠷᠢᠲᠡᠬᠦ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠳᠠᠢ ᠭᠡᠵᠦ ᠴᠢᠬᠤᠯᠠᠴᠢᠯᠠᠪᠠ᠃       

    ᠬᠤᠷᠠᠯ ᠠᠴᠠ᠂ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠨᠢ ᠬᠦᠳᠦᠯᠦᠨ ᠳᠠᠭᠠᠭᠤᠯᠵᠣ ᠳᠠᠶᠢᠴᠢᠯᠠᠬᠤ ᠦᠢᠯᠡᠳᠦᠯ ᠲᠠᠢ᠂ ᠳᠡᠷᠡ ᠨᠢ ᠪᠦᠳᠦᠮᠵᠢᠳᠡᠢ ᠪᠡᠯᠡ ᠤᠷᠤᠭᠤᠯᠤᠯᠳᠠ ᠶᠢ ᠦᠷᠭᠡᠳᠭᠡᠬᠦ᠂ ᠬᠦᠭ᠍ᠵᠢᠯᠳᠡ ᠶᠢᠨ ᠳᠣᠳᠠᠭᠤᠳᠠᠯ ᠢ ᠨᠦᠬᠦᠪᠦᠷᠢᠯᠡᠬᠦ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭ᠍ᠰᠢᠯᠡᠬᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠤᠳᠤᠬᠠᠨ ᠤ ᠵᠠᠰᠠᠭ ᠤᠨ ᠤᠷᠳᠤᠨ ᠤ ᠪᠡᠯᠡ ᠤᠷᠤᠭᠤᠯᠬᠤ ᠲᠦᠷᠦᠯ ᠵᠦᠢᠯ ᠤᠨ ᠬᠠᠮᠢᠶᠠᠷᠤᠯᠳᠠ ᠳᠤ ᠤᠷᠤᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂  ᠵᠠᠰᠠᠭ ᠤᠨ ᠤᠷᠳᠤᠨ ᠤ ᠪᠡᠯᠡ ᠤᠷᠤᠭᠤᠯᠬᠤ ᠬᠦᠷᠢᠶ᠎ᠡ ᠬᠡᠪᠴᠢᠶ᠎ᠡ ᠶᠢ ᠴᠢᠨᠠᠭᠰᠢᠳᠠ ᠳᠤᠳᠤᠷᠬᠠᠢᠢᠯᠠᠵᠤ᠂ ᠰᠢᠨᠵᠢᠯᠡᠬᠦ ᠤᠬᠠᠭᠠᠨᠴᠢ ᠰᠢᠢᠳᠪᠦᠷᠢᠳᠦ ᠪᠣᠳᠣᠯᠭ᠎ᠠ ᠳᠣᠭᠳᠠᠭᠠᠬᠤ ᠲᠤᠭᠳᠠᠴᠠ ᠶᠢ ᠪᠠᠶᠢᠭᠤᠯᠤᠨ ᠳᠡᠭᠦᠯᠳᠡᠷᠵᠢᠭᠦᠯᠵᠤ᠂ ᠲᠦᠷᠦᠯ ᠵᠦᠢᠯ ᠤᠨ ᠬᠢᠨᠠᠨ ᠵᠦᠪᠰᠢᠶᠡᠷᠡᠯ᠂ ᠪᠡᠯᠡ ᠤᠷᠤᠭᠤᠯᠤᠯᠳᠠ ᠶᠢᠨ ᠲᠦᠰᠦᠪ ᠪᠠ ᠪᠦᠳᠦᠭᠡᠨ ᠪᠠᠶᠢᠭᠤᠯᠤᠯᠳᠠ ᠶᠢᠨ ᠬᠠᠮᠢᠶᠠᠷᠤᠯᠳᠠ ᠶᠢ ᠴᠢᠩᠳᠠᠯᠠᠵᠤ᠂ ᠵᠠᠰᠠᠭ ᠤᠨ ᠤᠷᠳᠤᠨ ᠤ ᠪᠡᠯᠡ ᠤᠷᠤᠭᠤᠯᠬᠤ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠣ᠂ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢᠨ ᠦᠷ᠎ᠡ ᠠᠰᠢᠭ ᠢ ᠳᠡᠭᠡᠭ᠍ᠰᠢᠯᠡᠭᠦᠯᠬᠦ ᠬᠡᠷᠡᠭᠳᠡᠢ᠃ ᠪᠤᠳᠠᠳᠠᠢ ᠠᠴᠠ ᠡᠭᠦᠰᠭᠦ ᠶᠢ ᠪᠠᠷᠢᠮᠳᠠᠯᠠᠨ ᠪᠤᠰᠤᠳᠴᠢ ᠵᠢᠮ᠎ᠡ ᠶᠤᠰᠤ ᠶᠢ ᠬᠦᠨᠳᠦᠳᠭᠡᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠠᠶᠢᠵᠠᠮ ᠪᠠ ᠬᠡᠪᠴᠢᠶ᠎ᠡ ᠶᠢ ᠵᠤᠬᠢᠰᠳᠠᠢ ᠡᠵᠡᠮᠳᠡᠵᠦ᠂ ᠡᠳ᠋ ᠤᠨ ᠵᠠᠰᠠᠭ ᠮᠦᠩᠬᠦᠨ ᠬᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠬᠡᠷᠡᠭᠳᠠᠢ ᠭᠡᠵᠦ ᠵᠢᠭᠠᠵᠣ ᠭᠠᠷᠭᠠᠪᠠ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120791121694660