蒙古文网站Logo
ᠰᠢᠨᠬᠤᠸᠠ ᠮᠤᠩᠭ᠋ᠤᠯ ᠨᠧᠲ

2017《 ᠨᠢᠭᠡ ᠪᠦᠰᠡ ᠨᠢᠭᠡ ᠵᠠᠮ》 ᠬᠡᠪᠯᠡᠯ ᠮᠡᠳᠡᠭᠡᠯᠡᠯ ᠤᠨ ᠬᠢᠨ ᠤ ᠬᠠᠮᠲᠤ ᠶᠢᠨ ᠠᠵᠢᠯᠯᠠᠭᠠᠨ ᠤ ᠹᠤᠷᠦ᠋ᠮ ᠭᠠᠨᠰᠤ ᠮᠤᠵᠢ ᠶᠢᠨ ᠳ᠋ᠦᠨᠬᠤᠸᠠᠩ ᠳᠤ ᠶᠠᠪᠤᠭᠳᠠᠪᠠ

2017-09-20 16:54

    ᠰᠢᠨᠬᠤᠸᠠ ᠬᠤᠷᠢᠶ᠎ᠠ   ᠯᠠᠨᠵᠸᠤ ᠶᠢᠨ 9 ᠰᠠᠷ᠎ᠠ ᠶᠢᠨ 19 ᠤ ᠡᠳᠦᠷ ᠤᠨ ᠴᠠᠬᠢᠯᠭᠠᠨ ᠮᠡᠳᠡᠭᠡ( ᠰᠤᠷᠪᠤᠯᠵᠢᠯᠠᠭᠴᠢ ᠵᠠᠩ ᠢᠦᠢ ᠵᠢᠶᠸ) 2017《 ᠨᠢᠭᠡ ᠪᠦᠰᠡ ᠨᠢᠭᠡ ᠵᠠᠮ》 ᠬᠡᠪᠯᠡᠯ ᠮᠡᠳᠡᠭᠡᠯᠡᠯ ᠤᠨ ᠬᠢᠨ ᠤ ᠬᠠᠮᠲᠤ ᠶᠢᠨ ᠠᠵᠢᠯᠯᠠᠭᠠᠨ ᠤ ᠹᠤᠷᠦ᠋ᠮ ᠭᠠᠨᠰᠤ ᠮᠤᠵᠢ ᠶᠢᠨ ᠳ᠋ᠦᠨᠬᠤᠸᠠᠩ ᠳᠤ ᠶᠠᠪᠤᠭᠳᠠᠪᠠ᠃ 126 ᠤᠯᠤᠰ ᠪᠤᠯᠤᠨ ᠤᠯᠠᠨ ᠤᠯᠤᠰ ᠤᠨ ᠵᠤᠬᠢᠶᠠᠨ ᠪᠠᠶᠢᠭᠤᠯᠤᠯᠲᠠ᠂ 365 ᠭᠠᠳᠠᠭᠠᠲᠤ ᠶᠢᠨ ᠬᠡᠪᠯᠡᠯ ᠮᠡᠳᠡᠭᠡᠯᠡᠯ ᠤᠨ ᠬᠢᠨ ᠤ ᠲᠦᠯᠦᠭᠡᠯᠡᠭᠴᠢᠳ ᠹᠤᠷᠦ᠋ᠮ ᠳᠤ ᠤᠷᠤᠯᠴᠠᠵᠠᠢ᠃

    ᠳ᠋ᠦᠨᠬᠤᠸᠠᠩ ᠪᠤᠯ ᠡᠷᠲᠡᠨ ᠤ ᠲᠤᠷᠭᠠᠨ ᠵᠠᠮ ᠤᠨ ᠴᠢᠬᠤᠯᠠ ᠪᠠᠯᠭᠠᠰᠤ᠂ ᠦᠷᠦᠨ᠎ᠡ ᠳᠤᠷᠤᠨ᠎ᠠ ᠶᠢᠨ ᠰᠤᠶᠤᠯ ᠡᠨᠳᠡ ᠬᠤᠷᠠᠨ ᠠᠭᠤᠰᠤᠯᠴᠠᠳᠠᠭ ᠪᠠᠶᠢᠵᠠᠢ᠃ ᠳᠡᠯᠡᠬᠡᠢ ᠶᠢᠨ ᠰᠤᠶᠤᠯ ᠤᠨ ᠦᠪ ᠪᠤᠯᠤᠭᠰᠠᠨ ᠮᠦᠸᠸ ᠭᠤᠤ ᠠᠭᠤᠢ ᠡᠴᠡ《ᠳ᠋ᠦᠨᠬᠤᠸᠠᠩ ᠴᠢᠨ ᠤ ᠬᠦᠷᠢᠶᠡᠨ ᠳᠤ ᠤᠷᠤᠭᠰᠠᠨ》 ᠬᠡᠮᠡᠬᠦ ᠪᠢᠴᠢᠭ᠌ ᠤᠯᠪᠠ᠂ ᠡᠨᠡ ᠨᠢ ᠳᠤᠮᠳᠠᠳᠤ ᠤᠯᠤᠰ ᠤᠨ ᠬᠠᠮᠤᠭ ᠤᠨ ᠪᠠᠯᠠᠷ ᠡᠷᠲᠡᠨ ᠤ ᠰᠤᠨᠢᠨ ᠤ ᠨᠢᠭᠡ ᠪᠠᠶᠢᠯ᠎ᠠ᠃

    ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭ᠋ᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠵᠠᠩ ᠫᠢᠩ᠂ ᠰᠢ ᠵᠢᠨ ᠫᠢᠩ ᠶᠡᠷᠦᠩᠬᠡᠢ ᠱᠦᠵᠢ ᠶᠢᠨ ᠳᠤᠷᠠᠳᠤᠭᠰᠠᠨ《ᠨᠢᠭᠡ ᠪᠦᠰᠡ ᠨᠢᠭᠡ ᠵᠠᠮ》ᠰᠠᠨᠠᠭᠠᠴᠢᠯᠠᠭ᠎ᠠ ᠨᠢ ᠬᠦᠭ᠍ᠵᠢᠯᠲᠠ ᠶᠢᠨ ᠬᠠᠨᠳᠤᠰᠢ ᠶᠢ ᠠᠳᠬᠤᠵᠤ᠂ ᠴᠠᠬ ᠡᠷᠢᠨ ᠤ ᠤᠷᠤᠰᠬᠠᠯ ᠳᠤ ᠵᠤᠬᠢᠴᠠᠨ᠂ ᠤᠳᠤᠬᠠᠨ ᠤ ᠪᠤᠲᠠᠲᠤ ᠪᠠᠶᠢᠳᠠᠯ ᠲᠠᠢ ᠠᠭᠤᠰᠤᠯᠴᠠᠵᠠᠢ᠃ ᠳᠤᠮᠳᠠᠳᠤ ᠤᠯᠤᠰ ᠤᠨ ᠪᠦᠬᠦ ᠲᠠᠯ᠎ᠠ ᠶᠢᠨ ᠨᠡᠭᠡᠭᠡᠯᠲᠠ ᠲᠠᠢ ᠬᠦᠭ᠍ᠵᠢᠯᠲᠡ ᠶᠢᠨ ᠵᠢᠷᠤᠭ ᠢ ᠲᠦᠰᠦᠪᠯᠡᠭᠰᠡᠨ ᠢᠶᠡᠷ ᠪᠠᠷᠠᠬᠤ ᠦᠭᠡᠢ᠂ ᠪᠦᠰᠡ ᠨᠤᠲᠤᠭ ᠤᠨ ᠬᠠᠮᠲᠤᠪᠠᠷ ᠴᠡᠴᠡᠭᠯᠡᠨ ᠬᠦᠭ᠍ᠵᠢᠬᠦ ᠵᠢᠴᠢ ᠳᠡᠯᠡᠬᠡᠢ ᠶᠢᠨ ᠬᠦᠭ᠍ᠵᠢᠯᠲᠠ ᠳᠤ ᠬᠤᠪᠤᠷ ᠲᠤᠬᠢᠶᠠᠯ ᠡᠭᠦᠳᠦᠨ ᠤᠯᠠᠨ ᠤᠯᠤᠰ ᠤᠨ ᠨᠡᠶᠢᠭᠡᠮ ᠤᠨ ᠦᠨᠳᠦᠷ ᠦᠨᠡᠯᠡᠯᠭᠡ ᠶᠢ ᠤᠯᠵᠤ ᠠᠷᠪᠢᠨ ᠤᠯᠤᠰ ᠢᠳᠡᠪᠬᠢᠲᠠᠢ ᠤᠷᠤᠯᠴᠠᠬᠤ ᠪᠤᠯᠪᠠ᠃ ᠤᠳᠤᠬᠠᠨ ᠳᠤ᠂ ᠳᠤᠮᠳᠠᠳᠤ ᠤᠯᠤᠰ ᠲᠠᠢ《ᠨᠢᠭᠡ ᠪᠦᠰᠡ ᠨᠢᠭᠡ ᠵᠠᠮ》 ᠢ᠋ ᠪᠦᠲᠦᠭᠡᠨ ᠪᠠᠶᠢᠭᠤᠯᠬᠤ ᠬᠠᠮᠲᠤ ᠶᠢᠨ ᠠᠵᠢᠯᠯᠠᠭ᠎ᠠ ᠳᠤ ᠬᠡᠯᠡᠯᠴᠡᠭᠡᠷ ᠲᠤᠭᠲᠠᠭᠰᠠᠨ ᠤᠯᠤᠰ ᠪᠤᠯᠤᠨ ᠤᠯᠠᠨ ᠤᠯᠤᠰ ᠤᠨ ᠵᠤᠬᠢᠶᠠᠨ ᠪᠠᠶᠢᠭᠤᠯᠤᠯᠲᠠ ᠨᠡᠶᠢᠲᠡ 69 ᠪᠤᠯᠵᠤ ᠂ ᠤᠯᠠᠨ ᠤᠯᠤᠰ ᠤᠨ ᠬᠡᠪᠯᠡᠯ ᠮᠡᠳᠡᠭᠡᠯᠡᠯ ᠤᠨ ᠬᠢᠨ《ᠨᠢᠭᠡ ᠪᠦᠰᠡ ᠨᠢᠭᠡ ᠵᠠᠮ》 ᠤᠨ ᠲᠤᠬᠠᠢ ᠮᠡᠳᠡᠭᠡᠯᠡᠬᠦ ᠨᠢ ᠴᠤ ᠠᠷᠪᠢᠳᠴᠠᠢ᠂ ᠡᠨᠡ ᠨᠢ ᠰᠤᠶᠤᠯ ᠤᠨ ᠰᠤᠯᠢᠯᠴᠠᠭ᠎ᠠ ᠶᠢ ᠠᠬᠢᠭᠤᠯᠤᠭᠰᠠᠨ ᠪᠠᠶᠢᠨ᠎ᠠ ᠭᠡᠯ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121696822