蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠦᠷᠢ ᠦᠭᠴᠡᠭᠡ ᠶᠢᠨ ᠬᠠᠮᠢᠶᠠᠷᠤᠯᠳᠠ ᠶᠢ ᠵᠢᠷᠣᠮᠵᠢᠭᠤᠯᠵᠣ ᠮᠦᠩᠬᠦᠨ ᠬᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠠᠵᠢᠯ ᠤᠨ ᠤᠳᠤᠷᠢᠳᠬᠤ ᠳᠣᠭᠤᠢᠢᠯᠠᠩ (ᠦᠷᠭᠡᠳᠭᠡᠭ᠍ᠰᠡᠨ) ᠤᠨ ᠲᠧᠯᠸᠢᠰ ᠤᠳᠠᠰᠤ ᠬᠤᠷᠠᠯ ᠬᠤᠷᠠᠯᠳᠤᠪᠠ

2017-09-20 17:15

    9 ᠰᠠᠷ᠎ᠠ ᠶᠢᠨ 19 ᠋ᠤ᠋ ᠡᠳᠤᠷ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠦᠷᠢ ᠦᠭᠴᠡᠭᠡ ᠶᠢᠨ ᠬᠠᠮᠢᠶᠠᠷᠤᠯᠳᠠ ᠶᠢ ᠵᠢᠷᠣᠮᠵᠢᠭᠤᠯᠵᠣ ᠮᠦᠩᠬᠦᠨ ᠬᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠠᠵᠢᠯ ᠤᠨ ᠤᠳᠤᠷᠢᠳᠬᠤ ᠳᠣᠭᠤᠢᠢᠯᠠᠩ(ᠦᠷᠭᠡᠳᠭᠡᠭ᠍ᠰᠡᠨ) ᠋  ᠋ ᠤ᠋ᠨ ᠲᠧᠯᠸᠢᠰ ᠤᠳᠠᠰᠤ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠵᠡᠷᠭᠡ ᠲᠦᠪ ᠤᠨ ᠤᠳᠤᠷᠢᠳᠬᠤ ᠨᠦᠬᠦᠳ ᠤᠨ ᠴᠢᠬᠤᠯᠠ ᠵᠢᠭᠠᠪᠤᠷᠢ ᠪᠤᠯᠤᠨ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠪᠦᠬᠦ ᠤᠷᠤᠨ ᠤ ᠦᠷᠢ ᠦᠭᠴᠡᠭᠡ ᠶᠢᠨ ᠬᠠᠮᠢᠶᠠᠷᠤᠯᠳᠠ ᠶᠢ ᠵᠢᠷᠣᠮᠵᠢᠭᠤᠯᠵᠣ ᠮᠦᠩᠬᠦᠨ ᠬᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠠᠵᠢᠯ ᠢ ᠳᠣᠬᠢᠷᠠᠭᠤᠯᠣᠨ ᠪᠠᠶᠢᠷᠢᠯᠠᠭᠤᠯᠪᠠ᠃        

    ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢᠪᠦ᠋ ᠰᠢᠶᠤᠤ ᠯᠢᠨ ᠬᠤᠷᠠᠯ ᠳᠤ ᠤᠷᠤᠯᠴᠠᠬᠤ ᠶᠢᠨ ᠬᠠᠮᠲᠦ ᠶᠠᠷᠢᠶ᠎ᠠ ᠳᠠᠯᠪᠢᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭ᠋ᠤ ᠶᠢᠨ ᠬᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭ᠋ᠤ ᠶᠢᠨ ᠳᠡᠳ᠋ ᠳᠡᠷᠢᠭᠦᠯᠡᠭᠴᠢ ᠵᠠᠩ ᠵᠢᠶᠠᠨ ᠮᠢᠨ ᠬᠤᠷᠠᠯ ᠡᠷᠬᠢᠯᠡᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭ᠋ᠤ ᠶᠢᠨ ᠬᠡᠰᠢᠭᠦᠨ᠂ ᠨᠠᠷᠢᠨ ᠪᠢᠴᠢᠭ᠌  ᠤᠨ ᠳᠠᠷᠤᠭ᠎ᠠ ᠯᠦᠸᠧ ᠶᠦᠩ ᠭᠠᠩ᠂ ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠭᠦᠯᠡᠭᠴᠢ ᠠᠢ ᠯᠢ ᠬᠤᠸᠠ ᠬᠤᠷᠠᠯ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ᠂ ᠮᠦᠩᠬᠦᠨ ᠬᠦᠢᠯᠭᠡᠭᠡᠨ ᠤ ᠠᠯᠪᠠᠨ ᠬᠡᠷ ᠤᠨ ᠬᠠᠷᠢᠭᠤᠴᠠᠯᠭᠠᠳᠠᠨ ᠨᠦᠬᠦᠳ ᠬᠤᠷᠠᠯ ᠳᠡᠭᠡᠷ᠎ᠡ ᠦᠭᠡ ᠬᠡᠯᠡᠪᠡ᠃        

    ᠪᠦ᠋ ᠰᠢᠶᠤᠤ ᠯᠢᠨ ᠶᠠᠷᠢᠶᠠᠨ ᠳᠠᠭᠠᠨ᠂《ᠲᠦᠷᠪᠡᠨ ᠤᠬᠠᠮᠰᠠᠷ》 ᠶ᠋ᠢᠡᠨ ᠴᠢᠩᠭ᠋ᠠᠳᠬᠠᠨ ᠤᠯᠤᠰ ᠲᠦᠷᠦ ᠶᠢᠨ ᠵᠤᠭᠰᠤᠴᠠ ᠪᠠᠨ ᠳᠡᠭᠡᠭ᠍ᠰᠢᠯᠡᠭᠦᠯᠵᠤ᠂ ᠶᠡᠷᠦᠩᠬᠡᠢ ᠱᠦᠵᠢ ᠰᠢ ᠶᠢᠨ ᠫᠢᠩ ᠵᠡᠷᠭᠡ ᠲᠦᠪ ᠤᠨ ᠤᠳᠤᠷᠢᠳᠬᠤ ᠨᠦᠬᠦᠳ ᠤᠨ ᠴᠢᠬᠤᠯᠠ ᠵᠢᠭᠠᠪᠤᠷᠢ ᠪᠤᠯᠤᠨ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠤᠢᠢᠯᠠᠭᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠳ᠋ ᠤᠨ ᠵᠠᠰᠠᠭ ᠮᠦᠩᠭᠦᠨ ᠬᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠳᠣᠬᠠᠢ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠳᠠ ᠶᠢ ᠲᠡᠷᠡ ᠬᠡᠪ ᠢᠶᠠᠷ ᠨᠢ ᠳᠣᠣᠱᠯᠠᠭᠤᠯᠣᠨ ᠨᠠᠶᠢᠳᠠᠪᠤᠷᠢᠵᠢᠭᠤᠯᠬᠤ ᠬᠡᠷᠡᠭᠳᠠᠢ᠃ ᠦᠪᠡᠷᠳᠡᠭᠡᠨ ᠵᠠᠰᠠᠬᠤ ᠤᠷᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ᠂ ᠡᠯ᠎ᠡ ᠠᠶᠢᠮᠠᠭ ᠬᠤᠳᠠ ᠪᠣᠯᠣᠨ ᠬᠤᠰᠢᠭᠤ ᠰᠢᠶᠠᠨ ᠨᠢ ᠵᠠᠰᠠᠭ ᠤᠨ ᠤᠷᠳᠤᠨ ᠤ ᠦᠷᠢ ᠦᠭᠴᠡᠭᠡ ᠶᠢ ᠵᠣᠷᠪᠣᠰ ᠳᠠᠷᠠᠭᠠᠯᠠᠨ ᠡᠮᠬᠢᠯᠡᠵᠤ ᠦᠷᠢ ᠦᠭᠴᠡᠭᠡ ᠶᠢᠨ ᠦᠨᠳᠦᠰᠦᠨ ᠪᠠᠶᠢᠳᠠᠯ ᠢ ᠳᠠᠷᠣᠢ ᠲᠦᠷᠭᠡᠨ ᠲᠦᠢᠯᠪᠦᠷᠢᠳᠡᠢ ᠳᠣᠳᠣᠷᠬᠠᠢᠢᠯᠠᠵᠣ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠨᠠᠶᠢᠳᠠᠪᠣᠷᠢᠵᠢᠭᠤᠯᠤᠨ ᠨᠠᠷᠢᠨ ᠳᠠᠩᠰᠠ ᠶᠢᠨ ᠬᠠᠮᠢᠶᠠᠷᠣᠯᠳᠠ ᠶᠢ ᠬᠡᠷᠡᠭᠵᠢᠭᠦᠯᠵᠤ᠂ ᠬᠠᠮᠢᠶ᠎ᠠ ᠪᠦᠬᠦᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠠᠳᠬᠤᠬᠤ ᠬᠡᠷᠡᠭᠳᠠᠢ᠃ ᠵᠠᠰᠠᠭ ᠤᠨ ᠤᠷᠳᠤᠨ ᠦᠷᠢᠳᠦᠬᠦ ᠰᠢᠨ᠎ᠡ ᠲᠦᠷᠦᠯ ᠵᠦᠢᠯ ᠪᠦᠬᠦᠨ ᠢ ᠣᠷᠢᠳᠠᠪᠠᠷ ᠦᠷᠢ ᠦᠭᠴᠡᠭᠡ ᠶᠢᠨ ᠲᠦᠭᠰᠢᠭᠦᠷᠢ ᠶᠢ ᠨᠢ ᠦᠨᠡᠯᠡᠵᠦ᠂ ᠬᠢᠨᠠᠨ ᠵᠦᠪᠰᠢᠶᠡᠷᠡᠬᠦ ᠡᠮᠬᠢ ᠳᠠᠷᠠᠭᠠᠯᠠᠯ ᠢ ᠴᠢᠩᠳᠠᠯᠠᠨ᠂ ᠪᠤᠳᠠᠳᠠᠢ ᠠᠴᠠ ᠡᠭᠦᠰᠴᠦ ᠴᠢᠳᠠᠯ ᠤᠨ ᠢᠶᠠᠨ ᠬᠢᠷᠢ ᠪᠠᠷ ᠬᠢᠬᠦ ᠬᠡᠷᠡᠭᠳᠠᠢ᠃ ᠬᠠᠷᠢᠭᠤᠴᠠᠯᠭ᠎ᠠ ᠶᠢᠨ ᠳᠣᠭᠳᠠᠴᠠ ᠶᠢ ᠳᠡᠭᠦᠯᠳᠡᠷᠵᠢᠭᠦᠯᠤᠨ ᠵᠠᠰᠠᠭ ᠤᠨ ᠤᠷᠳᠤᠨ ᠤ ᠪᠡᠯᠡ ᠤᠷᠤᠭᠤᠯᠬᠤ ᠲᠦᠷᠦᠯ ᠵᠦᠢᠯ ᠢ ᠬᠢᠨᠠᠨ ᠪᠠᠶᠢᠴᠠᠭᠠᠬᠤ ᠪᠠ ᠬᠢᠨᠠᠨ ᠪᠣᠳᠣᠬᠤ ᠡᠷᠴᠢᠮ ᠢᠶᠠᠨ ᠴᠢᠩᠭ᠋ᠠᠷᠠᠭᠤᠯᠵᠤ᠂ ᠦᠷᠢ ᠦᠭᠴᠡᠭᠡ ᠶᠢᠨ ᠪᠡᠯᠡ ᠮᠦᠩᠬᠦ ᠶᠢ ᠬᠡᠷᠡᠭᠯᠡᠬᠦ ᠦᠷ᠎ᠡ ᠠᠰᠢᠭ ᠤᠨ ᠬᠠᠮᠢᠶᠠᠷᠤᠯᠳᠠ ᠶᠢ ᠴᠢᠩᠭ᠋ᠠᠳᠬᠠᠨ ᠰᠢᠰᠲ᠋ᠧᠮᠳᠦ ᠴᠢᠨᠠᠷᠳᠠᠢ ᠮᠦᠩᠬᠦᠨ ᠬᠦᠢᠯᠭᠡᠭᠡᠨ ᠤ ᠲᠦᠭᠰᠢᠭᠦᠷᠢ ᠦᠯᠦ ᠡᠭᠦᠰᠭᠡᠬᠦ ᠬᠤᠷᠢᠭ᠎ᠠ ᠱᠣᠭᠤᠮ ᠢ ᠡᠷᠡᠰ ᠰᠠᠬᠢᠬᠤ ᠬᠡᠷᠡᠭᠳᠠᠢ ᠬᠡᠵᠤ ᠴᠢᠬᠤᠯᠠᠴᠢᠯᠠᠪᠠ᠃     

    ᠪᠦ᠋ ᠰᠢᠶᠤᠤ ᠯᠢᠨ᠂ ᠰᠢᠨ᠎ᠡ ᠬᠦᠭ᠍ᠵᠢᠯᠳᠡ ᠶᠢᠨ ᠤᠢᠢᠯᠠᠭᠠᠭᠳᠠᠬᠤᠨ ᠢ ᠪᠠᠳᠤ ᠪᠠᠬᠢ ᠪᠤᠢ ᠪᠤᠯᠭᠠᠨ ᠨᠠᠶᠢᠳᠠᠪᠤᠷᠢᠵᠢᠭᠤᠯᠵᠤ᠂ ᠬᠠᠩᠭ᠋ᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠯᠠᠪᠳᠠᠭᠤᠨ ᠪᠠᠳᠣᠳᠠᠢ ᠠᠬᠢᠭᠤᠯᠵᠤ᠂ ᠦᠯᠡᠭᠦᠳᠡᠭᠰᠡᠨ ᠦᠢᠯᠡᠳᠪᠦᠷᠢᠯᠡᠯ ᠤᠨ ᠴᠢᠳᠠᠪᠣᠷᠢ ᠶᠢ ᠪᠠᠭᠠᠰᠬᠠᠬᠤ᠂ ᠬᠡᠷ ᠭᠠᠵᠠᠷ  ᠬᠦᠷᠦᠩᠬᠡ ᠶᠢᠨ ᠬᠦᠮᠦᠷᠭᠡᠯᠡᠯᠳᠡ ᠶᠢ ᠡᠮᠬᠢ ᠵᠢᠷᠣᠮ ᠲᠠᠢ ᠪᠠᠭᠠᠰᠬᠠᠬᠤ ᠪᠣᠯᠣᠨ ᠠᠵᠤ ᠠᠬᠤᠢᠢᠯᠠᠯ ᠤᠨ ᠦᠪᠡᠷ ᠤᠨ ᠦᠷᠳᠡᠭ ᠢ ᠪᠠᠭᠤᠷᠠᠭᠤᠯᠬᠤ ᠵᠡᠷᠭᠡ ᠠᠵᠢᠯ ᠢ ᠰᠠᠶᠢᠳᠣᠷ ᠬᠢᠵᠤ᠂ ᠬᠦᠨᠳᠦ ᠬᠦᠩᠬᠡᠨ ᠠᠯᠭᠤᠷ ᠪᠠᠴᠢᠮ ᠢ ᠳᠣᠳᠣᠷᠬᠠᠢ ᠢᠯᠭᠠᠨ ᠬᠡᠷᠡᠭᠴᠡᠭᠡ ᠪᠣᠯᠣᠨ ᠪᠤᠯᠤᠯᠴᠠᠭ᠎ᠠ ᠶᠢ ᠡᠵᠡᠮᠰᠢᠵᠦ᠂ ᠳᠣᠳᠠᠭᠤᠳᠠᠯ ᠢ ᠨᠦᠬᠦᠪᠦᠷᠢᠯᠡᠬᠦ ᠶᠢ ᠰᠢᠨᠵᠢᠯᠡᠬᠦ ᠤᠬᠠᠭᠠᠨᠴᠢ ᠪᠠᠷ ᠡᠮᠬᠢ ᠵᠢᠷᠣᠮ ᠲᠠᠢ ᠠᠬᠢᠭᠤᠯᠬᠤ ᠬᠡᠷᠡᠭᠳᠡᠢ᠃ ᠵᠦᠪ ᠤᠯᠤᠰ ᠲᠦᠷᠦ ᠶᠢᠨ ᠠᠮᠵᠢᠯᠲᠠ ᠪᠦᠳᠦᠮᠵᠢ ᠶᠢᠨ ᠦᠵᠡᠯᠳᠡ ᠶᠢ ᠪᠤᠢ ᠪᠤᠯᠭᠠᠵᠤ᠂ ᠪᠣᠢ ᠪᠦᠬᠦᠢ ᠠᠵᠢᠯ ᠳᠤ ᠴᠦᠮ ᠪᠤᠳᠠᠳᠠᠢ ᠠᠴᠠ ᠡᠭᠦᠰᠬᠦ ᠶᠢ ᠪᠠᠷᠢᠮᠳᠠᠯᠠᠨ ᠪᠤᠰᠤᠳᠴᠢ ᠵᠢᠮ᠎ᠡ ᠶᠤᠰᠤ ᠪᠠᠷ ᠣᠴᠢᠷ ᠶᠠᠪᠣᠳᠠᠯ ᠢ ᠰᠢᠢᠳᠪᠦᠷᠢᠯᠡᠵᠦ᠂ ᠬᠦᠢᠴᠡᠳ ᠪᠠᠶᠢᠴᠠᠭᠠᠨ ᠰᠤᠳᠤᠯᠤᠭᠰᠠᠨ ᠰᠠᠭᠤᠷᠢᠨ ᠳᠡᠭᠡᠷ᠎ᠡ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠬᠠᠤᠯᠢ ᠶᠤᠰᠤᠭᠠᠷ ᠰᠢᠢᠳᠪᠦᠷᠢᠳᠦ ᠪᠣᠳᠣᠯᠭ᠎ᠠ ᠳᠣᠭᠳᠠᠭᠠᠬᠤ ᠬᠡᠷᠡᠭᠳᠡᠢ᠃ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠦᠷᠢ ᠦᠭᠴᠡᠭᠡ ᠶᠢᠨ ᠬᠠᠮᠢᠶᠠᠷᠤᠯᠳᠠ ᠶᠢ ᠵᠢᠷᠣᠮᠵᠢᠭᠤᠯᠵᠣ ᠮᠦᠩᠬᠦᠨ ᠬᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠤᠳᠤᠷᠢᠳᠬᠤ ᠳᠣᠭᠤᠢᠢᠯᠠᠩ ᠨᠢ ᠨᠢᠭᠡᠳᠦᠯᠳᠠᠢ ᠲᠦᠯᠦᠪᠵᠢᠭᠦᠯᠦᠨ ᠲᠤᠬᠢᠷᠠᠭᠤᠯᠵᠤ᠂ ᠱᠠᠯᠠᠪᠳᠠᠭᠤᠯᠣᠨ ᠪᠠᠶᠢᠴᠠᠭᠠᠠ ᠵᠢᠯᠤᠭᠤᠳᠴᠤ᠂ ᠠᠵᠢᠯ ᠢ ᠰᠤᠳᠤᠯᠬᠤ ᠪᠠ ᠲᠦᠷᠢᠮ ᠳᠤᠭᠳᠠᠭᠠᠯ ᠤᠨ ᠪᠠᠶᠢᠭᠤᠯᠣᠯᠳᠠ ᠶᠢ ᠴᠢᠩᠭ᠋ᠠᠳᠬᠠᠵᠤ᠂ ᠤᠳᠤᠷᠢᠳᠬᠤ ᠳᠣᠭᠤᠢᠢᠯᠠᠩ ᠤᠨ ᠡᠯ᠎ᠡ ᠪᠦᠷᠢᠯᠳᠦᠭᠦᠨ ᠨᠢᠬᠡᠴᠡ ᠰᠠᠨᠠᠭᠠᠴᠢᠯᠠᠭ᠎ᠠ ᠠᠴᠠ ᠪᠠᠨ ᠡᠭᠦᠷᠭᠡ ᠠᠪᠴᠣ᠂ ᠨᠢᠬᠳᠠ ᠬᠠᠮᠵᠢᠯᠴᠠᠨ ᠯᠠᠪᠳᠠᠭᠤᠨ ᠪᠠᠳᠣᠳᠠᠢ ᠠᠵᠢᠯᠯᠠᠬᠤ ᠬᠡᠷᠡᠭᠳᠡᠢ᠃ ᠡᠯ᠎ᠡ ᠠᠶᠢᠮᠠᠭ ᠬᠤᠳᠠ᠂ ᠬᠤᠰᠢᠭᠤ ᠰᠢᠶᠠᠨ(ᠬᠤᠳᠠ᠂ ᠲᠤᠭᠤᠷᠢᠭ)ᠴᠦ ᠵᠤᠬᠢᠴᠠᠩᠭ᠋ᠤᠢ ᠠᠵᠢᠯ ᠤᠨ ᠳᠣᠭᠳᠠᠴᠠ ᠶᠢ ᠪᠠᠶᠢᠭᠤᠯᠵᠤ᠂ ᠲᠤᠰ ᠭᠠᠵᠠᠷ ᠤᠷᠤᠨ ᠤ ᠪᠠᠨ ᠦᠷᠢ ᠦᠭᠴᠡᠭᠡ ᠶᠢᠨ ᠬᠠᠮᠢᠶᠠᠷᠤᠯᠳᠠ ᠪᠣᠯᠣᠨ ᠮᠦᠩᠬᠦᠨ ᠬᠦᠢᠯᠭᠡᠭᠡᠨ ᠤ ᠲᠦᠭᠰᠢᠬᠦᠷᠢ ᠶᠢ ᠰᠡᠷᠭᠡᠶᠢᠯᠡᠬᠦ ᠠᠵᠢᠯ ᠢ ᠰᠠᠶᠢᠳᠤᠷ ᠬᠢᠵᠤ᠂ ᠪᠦᠬᠦ ᠤᠷᠤᠨ ᠤ ᠠᠵᠤ ᠠᠬᠤᠢ ᠨᠡᠶᠢᠬᠡᠮ ᠤᠨ ᠦᠷᠭᠦᠯᠵᠢᠯᠡᠨ ᠡᠷᠡᠭᠦᠯ ᠢᠶᠠᠷ ᠬᠦᠭ᠍ᠵᠢᠬᠦ ᠶᠢ ᠦᠨᠡᠨᠬᠦ ᠪᠠᠳᠤᠯᠠᠵᠣ᠂ᠰᠢᠯᠢᠳᠡᠭ ᠬᠢᠷᠢ ᠪᠦᠳᠦᠮᠵᠢ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠭᠳᠤᠬᠤ ᠬᠡᠷᠡᠭᠳᠠᠢ ᠭᠡᠵᠦ ᠱᠠᠭᠠᠷᠳᠠᠪᠠ᠃       

    ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠣᠷᠳᠣᠨ ᠤ ᠦᠷᠢ ᠦᠭᠴᠡᠭᠡ ᠶᠢᠨ ᠬᠠᠮᠢᠶᠠᠷᠤᠯᠳᠠ ᠶᠢ ᠵᠢᠷᠣᠮᠵᠢᠭᠤᠯᠵᠣ ᠮᠦᠩᠬᠦᠨ ᠬᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠤᠳᠤᠷᠢᠳᠬᠤ ᠳᠣᠭᠤᠢᠢᠯᠠᠩ ᠤᠨ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠳᠠᠳ᠂ ᠡᠯ᠎ᠡ ᠠᠶᠢᠮᠠᠭ ᠬᠤᠳᠠ᠂ ᠬᠤᠰᠢᠭᠤ ᠰᠢᠶᠠᠨ(ᠬᠤᠳᠠ᠂ ᠲᠤᠭᠤᠷᠢᠭ)ᠤ᠋ ᠭᠤᠤᠯ ᠬᠠᠷᠢᠭᠤᠴᠠᠯᠭᠠᠳᠠᠨ ᠨᠦᠬᠦᠳ ᠲᠤᠰ ᠳᠣᠰ ᠭᠤᠤᠯ ᠬᠤᠷᠠᠯ ᠤᠨ ᠳᠠᠯᠠᠪᠠᠢ ᠪᠣᠯᠣᠨ ᠬᠤᠪᠢᠶᠠᠷᠢ ᠬᠤᠷᠠᠯ ᠤᠨ ᠳᠠᠯᠠᠪᠠᠢ ᠳᠤ ᠬᠤᠷᠠᠯ ᠳᠤ ᠤᠷᠤᠯᠴᠠᠪᠠ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120791121696915