蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠵᠡᠬᠦᠨ ᠬᠤᠶᠢᠲᠤ ᠤᠷᠤᠨ ᠵᠡᠷᠭᠡ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠢ ᠬᠦᠭ᠍ᠵᠢᠬᠦᠯᠦᠨ ᠮᠠᠨᠲᠤᠭᠤᠯᠬᠤ ᠤᠲᠤᠷᠢᠳᠬᠤ ᠲᠤᠭᠤᠶᠢᠯᠠᠩ ᠤᠨ ᠬᠤᠷᠠᠯ ᠬᠤᠷᠠᠯᠲᠤᠪᠠ

2017-09-21 17:10

    ᠪᠦ᠋ ᠰᠢᠶᠤᠤ ᠯᠢᠨ ᠬᠤᠷᠠᠯ ᠢ ᠡᠷᠬᠢᠯᠡᠬᠦ ᠶᠢᠨ ᠬᠠᠮᠳᠣ ᠶᠠᠷᠢᠶ᠎ᠠ ᠳᠠᠯᠪᠢᠵᠠᠢ         

    9 ᠰᠠᠷ᠎ᠠ ᠶᠢᠨ 20 ᠤ ᠡᠳᠤᠷ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ᠂ ᠦᠪᠡᠷᠳᠡᠭᠡᠨ ᠵᠠᠰᠠᠬᠤ ᠤᠷᠤᠨ ᠤ ᠵᠡᠭᠦᠨ ᠬᠤᠶᠢᠳᠤ ᠤᠷᠤᠨ ᠵᠡᠷᠭᠡ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠢ ᠬᠦᠭ᠍ᠵᠢᠬᠦᠯᠦᠨ ᠮᠠᠨᠳᠣᠭᠤᠯᠬᠤ ᠤᠳᠤᠷᠢᠳᠬᠤ ᠳᠣᠭᠤᠢᠢᠯᠠᠩ ᠤᠨ ᠳᠠᠷᠤᠭ᠎ᠠ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠡᠭᠦᠨ ᠬᠤᠶᠢᠳᠤ ᠤᠷᠤᠨ ᠵᠡᠷᠭᠡ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠢ ᠬᠦᠭ᠍ᠵᠢᠬᠦᠯᠤᠨ ᠮᠠᠨᠳᠣᠭᠤᠯᠬᠤ ᠤᠳᠤᠷᠢᠳᠬᠤ ᠳᠣᠭᠤᠢᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠳᠡᠷᠡ᠂ ᠰᠢᠨ᠎ᠡ ᠬᠦᠭ᠍ᠵᠢᠯᠳᠡ ᠶᠢᠨ ᠤᠢᠢᠯᠠᠭᠠᠭᠳᠠᠬᠤᠨ ᠢ ᠪᠠᠳᠤ ᠪᠠᠬᠢ ᠪᠤᠢ ᠪᠤᠯᠭᠠᠨ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠣ᠂ ᠶᠡᠭᠡ ᠬᠦᠴᠦᠨ ᠢᠶᠠᠷ ᠦᠭᠡᠷᠡᠴᠢᠯᠡᠯᠳᠡ ᠬᠢᠵᠤ ᠰᠢᠨ᠎ᠡ ᠶᠢ ᠡᠭᠦᠳᠦᠨ᠂ ᠵᠡᠭᠦᠨ ᠬᠡᠰᠡᠭ ᠤᠨ ᠠᠶᠢᠮᠠᠭ ᠬᠤᠳᠠ ᠶᠢᠨ ᠠᠵᠤ ᠠᠬᠤᠢ ᠨᠡᠶᠢᠬᠡᠮ ᠤᠨ ᠦᠷᠭᠦᠯᠵᠢᠯᠡᠨ ᠡᠷᠡᠭᠦᠯ ᠢᠶᠠᠷ ᠬᠦᠭ᠍ᠵᠢᠬᠦ ᠶᠢ ᠠᠬᠢᠭᠤᠯᠬᠤ ᠬᠡᠷᠡᠭᠳᠠᠢ ᠬᠡᠵᠤ ᠴᠢᠬᠤᠯᠠᠴᠢᠯᠠᠪᠠ᠃     

    ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭ᠋ᠤ ᠶᠢᠨ ᠬᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭ᠋ᠤ ᠶᠢᠨ ᠳᠡᠳ᠋ ᠳᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠤ ᠵᠡᠭᠦᠨ ᠬᠤᠶᠢᠳᠤ ᠤᠷᠤᠨ ᠵᠡᠷᠭᠡ ᠬᠠᠭᠤᠴᠢᠨ ᠠᠵᠤ  ᠦᠢᠯᠡᠳᠪᠦᠷᠢ ᠶᠢᠨ ᠰᠠᠭᠤᠷᠢᠨ ᠢ ᠬᠦᠭ᠍ᠵᠢᠬᠦᠯᠦᠨ ᠮᠠᠨᠳᠣᠭᠤᠯᠬᠤ ᠤᠳᠤᠷᠢᠳᠬᠤ ᠳᠣᠭᠤᠢᠢᠯᠠᠩ ᠤᠨ ᠳᠡᠳ᠋ ᠳᠠᠷᠤᠭ᠎ᠠ ᠵᠠᠩ ᠵᠢᠶᠠᠨ ᠮᠢᠨ ᠬᠤᠷᠠᠯ ᠳᠤ ᠤᠷᠤᠯᠴᠠᠬᠤ ᠶᠢᠨ ᠬᠠᠮᠳᠣ ᠶᠠᠷᠢᠶ᠎ᠠ ᠳᠠᠯᠪᠢᠪᠠ᠃ ᠬᠤᠷᠠᠯ ᠠᠴᠠ ᠮᠠᠨ ᠤ ᠤᠷᠤᠨ ᠤ ᠵᠡᠭᠦᠨ ᠬᠤᠶᠢᠳᠦ ᠣᠷᠣᠨ ᠵᠡᠷᠭᠡ ᠬᠠᠭᠤᠴᠢᠨ ᠠᠵᠣ ᠦᠢᠯᠡᠳᠪᠦᠷᠢ ᠶᠢᠨ ᠰᠠᠭᠤᠷᠢᠨ ᠢ ᠬᠦᠭ᠍ᠵᠢᠬᠦᠯᠤᠨ ᠮᠠᠨᠳᠣᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠭᠰᠡᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠤ᠂ ᠳᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ  ᠰᠤᠳᠤᠯᠪᠠ᠃ ᠤᠳᠤᠷᠢᠳᠬᠤ ᠳᠣᠭᠤᠢᠢᠯᠠᠩ ᠤᠨ ᠠᠯᠪᠠᠨ ᠬᠡᠷ᠂ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠪᠣᠯᠣᠨ ᠵᠡᠭᠦᠨ ᠬᠡᠰᠡᠭ ᠤᠨ ᠠᠶᠢᠮᠠᠭ ᠬᠤᠳᠠ ᠶᠢᠨ ᠬᠠᠷᠢᠭᠤᠴᠠᠯᠭᠠᠳᠠᠨ ᠲᠤᠰ ᠳᠣᠰ ᠦᠭᠡ ᠬᠡᠯᠡᠪᠡ᠃     

    ᠬᠤᠷᠠᠯ ᠠᠴᠠ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠵᠡᠭᠦᠨ ᠬᠤᠶᠢᠳᠣ ᠣᠷᠣᠨ ᠵᠡᠷᠭᠡ ᠬᠠᠭᠤᠴᠢᠨ ᠠᠵᠣ ᠦᠢᠯᠡᠳᠪᠦᠷᠢ ᠶᠢᠨ ᠰᠠᠭᠤᠷᠢᠨ ᠤ ᠬᠦᠭ᠍ᠵᠢᠨ ᠮᠠᠨᠳᠣᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠷᠢᠳ ᠬᠤᠵᠢᠳ ᠠᠯᠢ ᠣᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠳᠣᠭᠳᠠᠭᠠᠨ ᠨᠡᠶᠢᠳᠡᠯᠡᠪᠠ᠂ ᠦᠪᠡᠷᠳᠡᠭᠡᠨ ᠵᠠᠰᠠᠬᠤ ᠤᠷᠤᠨ ᠴᠦ ᠵᠡᠭᠦᠨ ᠬᠡᠰᠡᠭ ᠤᠨ ᠠᠶᠢᠮᠠᠭ ᠬᠤᠳᠠ ᠶᠢᠨ ᠬᠦᠭ᠍ᠵᠢᠯᠳᠡ ᠶᠢ ᠳᠡᠮᠵᠢᠬᠦ ᠢᠵᠢ ᠪᠦᠷᠢᠳᠦᠬᠦᠯᠦᠭᠰᠡᠨ ᠲᠦᠷᠦ ᠶᠢᠨ ᠪᠤᠳᠤᠯᠭ᠎ᠠ ᠶᠢ ᠳᠣᠭᠳᠠᠭᠠᠵᠠᠢ᠂ ᠡᠳᠡᠭᠡᠷ ᠲᠦᠷᠦ ᠶᠢᠨ ᠪᠤᠳᠤᠯᠭ᠎ᠠ ᠶᠢ ᠰᠠᠶᠢᠳᠤᠷ ᠠᠰᠢᠭᠯᠠᠵᠤ ᠰᠠᠶᠢᠳᠤᠷ ᠬᠡᠷᠡᠭᠵᠢᠭᠦᠯᠬᠦ ᠨᠢ ᠵᠡᠭᠦᠨ ᠬᠡᠰᠡᠭ ᠤᠨ ᠠᠶᠢᠮᠠᠭ ᠬᠤᠳᠠ ᠶᠢᠨ ᠬᠦᠭ᠍ᠵᠢᠯᠳᠡ ᠶᠢ ᠠᠬᠢᠭᠤᠯᠬᠤ ᠶᠢᠨ ᠵᠠᠩᠬᠢᠯᠠᠭ᠎ᠠ ᠪᠣᠯᠣᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠪᠣᠯᠣᠨ ᠵᠡᠭᠦᠨ ᠬᠡᠰᠡᠭ ᠤᠨ ᠠᠶᠢᠮᠠᠭ ᠬᠤᠳᠠ ᠲᠦᠪ ᠤᠨ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠤᠨᠤᠪᠴᠢᠳᠠᠢ ᠡᠵᠡᠮᠰᠢᠵᠦ᠂ ᠵᠡᠭᠦᠨ ᠬᠡᠰᠡᠭ ᠤᠨ ᠠᠶᠢᠮᠠᠭ ᠬᠤᠳᠠ ᠶᠢᠨ ᠬᠦᠭ᠍ᠵᠢᠯᠳᠡ ᠶᠢ ᠲᠦᠷᠭᠡᠳᠭᠡᠬᠦ ᠪᠠ ᠤᠯᠤᠰ ᠤᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢᠨ ᠤᠶᠠᠯᠳᠤᠯ ᠴᠡᠭ ᠢ ᠡᠷᠢᠨ ᠤᠯᠵᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠣᠭᠰᠠᠨ ᠪᠠᠶᠢᠳᠠᠯ ᠢ ᠪᠦᠬᠦ ᠳᠠᠯ᠎ᠠ ᠪᠠᠷ ᠡᠮᠬᠢᠯᠡᠵᠦ᠂ ᠤᠯᠤᠰ ᠤᠨ ᠳᠡᠮᠵᠢᠯᠭᠡ ᠶᠢ ᠴᠢᠨᠠᠭᠰᠢᠳᠠ ᠴᠢᠷᠮᠠᠶᠢᠨ ᠤᠯᠵᠤ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭ᠋ᠠᠷᠠᠭᠤᠯᠬᠤ ᠬᠡᠷᠡᠭᠳᠡᠢ᠃ ᠦᠭᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠭᠡᠶᠢᠷᠡᠭᠦᠯᠵᠤ᠂ ᠪᠠᠶᠢᠭᠤᠯᠤᠮᠵᠢ ᠳᠣᠭᠳᠠᠴᠠ ᠪᠠᠨ ᠳᠡᠭᠦᠯᠳᠡᠷᠵᠢᠭᠦᠯᠤᠨ᠂ ᠵᠠᠰᠠᠭ ᠤᠨ ᠤᠷᠳᠤᠨ ᠤ ᠳᠣᠰ ᠪᠡᠶ᠎ᠡ ᠶᠢᠨ ᠦᠭᠡᠷᠡᠴᠢᠯᠡᠯᠳᠡ ᠠᠴᠠ ᠡᠬᠢᠯᠡᠨ ᠬᠢᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠠ ᠠᠰᠢᠭ ᠪᠠ ᠦᠢᠯᠡᠴᠢᠯᠡᠭᠡᠨ ᠤ ᠲᠦᠪᠰᠢᠨ ᠢ ᠳᠡᠭᠡᠭ᠍ᠰᠢᠯᠡᠭᠦᠯᠵᠦ᠂ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠤ ᠳᠠᠯ᠎ᠠ ᠪᠠᠷ ᠰᠢᠨ᠎ᠡ ᠳᠠᠪᠠᠭᠤᠯᠢᠭ ᠢ ᠪᠤᠶᠢᠵᠢᠭᠤᠯᠵᠤ ᠪᠦᠷᠢᠯᠳᠦᠬᠦᠯᠬᠦ ᠪᠠᠷ ᠴᠢᠷᠮᠠᠶᠢᠬᠤ ᠬᠡᠷᠡᠭᠳᠠᠢ ᠭᠡᠵᠦ ᠵᠢᠭᠠᠵᠣ ᠭᠠᠷᠭᠠᠪᠠ᠃     

    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠤᠯᠤᠨ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠳᠣᠣᠱᠯᠠᠭᠤᠯᠵᠣ᠂ 《ᠳᠠᠪᠤ ᠶᠢ ᠤᠶᠠᠯᠳᠤᠭᠤᠯᠬᠤ》 ᠱᠠᠭᠠᠷᠳᠠᠯᠭ᠎ᠠ ᠶᠤᠰᠤᠭᠠᠷ ᠠᠵᠤ ᠠᠬᠤᠢ ᠶᠢᠨ  ᠬᠦᠭ᠍ᠵᠢᠯᠳᠡ ᠶᠢᠨ ᠬᠡᠯᠪᠡᠷᠢ ᠶᠢ ᠲᠦᠷᠭᠡᠳᠭᠡᠨ ᠬᠤᠪᠢᠷᠠᠭᠤᠯᠵᠣ᠂ ᠬᠠᠩᠭ᠋ᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠯᠠᠪᠳᠠᠭᠤᠨ ᠪᠠᠳᠣᠳᠠᠢ ᠠᠬᠢᠭᠤᠯᠵᠦ᠂ ᠬᠦᠭ᠍ᠵᠢᠯᠳᠡ ᠶᠢᠨ ᠵᠤᠭᠰᠤᠴᠠ ᠪᠠᠨ ᠶᠠᠰᠣ ᠴᠢᠨᠠᠷ ᠪᠣᠯᠣᠨ ᠦᠷ᠎ᠡ ᠠᠰᠢᠭ ᠢ ᠳᠡᠭᠡᠭ᠍ᠰᠢᠯᠡᠭᠦᠯᠬᠦ ᠳᠡᠭᠡᠷ᠎ᠡ ᠦᠨᠡᠨᠬᠦ ᠰᠢᠯᠵᠢᠭᠦᠯᠬᠦ ᠬᠡᠷᠡᠭᠳᠠᠢ᠃ 《ᠬᠦᠬᠡᠮᠳᠦᠭ ᠠᠭᠤᠯᠠ ᠨᠤᠮᠢᠨ ᠤᠰᠤ ᠪᠤᠯ ᠳᠠᠷᠣᠢ ᠠᠯᠳᠠᠠ ᠠᠭᠤᠯᠠ ᠮᠦᠩᠬᠦᠨ ᠠᠭᠤᠯᠠ》 ᠬᠡᠰᠡᠨ ᠦᠵᠡᠯ ᠰᠠᠨᠠᠭ᠎ᠠ ᠶᠢ ᠪᠠᠳᠦ ᠪᠠᠬᠢ ᠪᠤᠢ ᠪᠤᠯᠭᠠᠵᠣ᠂ ᠪᠤᠬᠢᠷᠳᠣᠯ ᠦᠭᠡᠢ ᠬᠦᠭ᠍ᠵᠢᠯᠳᠡ ᠶᠢᠨ ᠤᠢᠢᠯᠠᠭᠠᠭᠳᠠᠬᠤᠨ ᠢ ᠡᠯ᠎ᠡ ᠳᠠᠯ᠎ᠠ ᠶᠢᠨ ᠠᠵᠢᠯ ᠳ᠋ᠤ ᠪᠠᠨ ᠨᠠᠶᠢᠳᠠᠪᠤᠷᠢᠵᠢᠭᠤᠯᠵᠤ᠂ ᠪᠤᠬᠢᠷᠳᠣᠯ ᠦᠭᠡᠢ ᠬᠦᠭ᠍ᠵᠢᠯᠳᠡ ᠶᠢᠨ ᠠᠷᠭ᠎ᠠ ᠬᠡᠯᠪᠡᠷᠢ ᠪᠣᠯᠣᠨ ᠠᠮᠢᠳᠤᠷᠠᠯ ᠤᠨ ᠠᠷᠭ᠎ᠠ ᠬᠡᠯᠪᠡᠷᠢ ᠶᠢ ᠲᠦᠷᠭᠡᠳᠭᠡᠨ ᠪᠦᠷᠢᠯᠳᠦᠭᠦᠯᠵᠦ᠂ ᠴᠢᠬᠤᠯᠠ ᠶᠡᠭᠡ ᠠᠮᠢ ᠠᠬᠤᠢ ᠶᠢ ᠵᠠᠰᠠᠨ ᠰᠡᠷᠭᠦᠭᠡᠬᠦ ᠢᠨᠵᠧᠨᠧᠷᠢᠩ ᠪᠠ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠶᠢᠭᠤᠯᠤᠯᠳᠠ ᠶᠢ ᠴᠢᠩᠭ᠋ᠠᠳᠬᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠬᠤ ᠴᠢᠬᠤᠯᠠ ᠶᠡᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠳᠠᠢ᠃ ᠵᠡᠭᠦᠨ ᠬᠡᠰᠡᠭ ᠤᠨ ᠠᠶᠢᠮᠠᠭ ᠬᠤᠳᠠ ᠤᠷᠤᠨ ᠪᠠᠶᠢᠷᠢ ᠶᠢᠨ ᠳᠠᠪᠠᠭᠤᠯᠢᠭ ᠪᠣᠯᠣᠨ ᠬᠦᠳᠦᠯᠦᠨ ᠳᠠᠭᠠᠭᠤᠯᠵᠣ ᠵᠢᠱᠢᠶ᠎ᠡ ᠦᠵᠡᠭᠦᠯᠬᠦ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠴᠢᠩᠭ᠋᠎ᠠ ᠳᠣᠯᠭᠠᠮ᠎ᠠ ᠨᠡᠭᠡᠭᠡᠯᠳᠡᠳᠦ ᠬᠦᠭ᠍ᠵᠢᠯᠳᠡ ᠶᠢᠨ ᠤᠬᠠᠮᠰᠠᠷ ᠢ ᠪᠤᠢ ᠪᠤᠯᠭᠠᠵᠣ᠂ ᠨᠡᠭᠡᠭᠡᠯᠳᠡ ᠶᠢᠨ ᠰᠢᠰᠲ᠋ᠧᠮᠲᠤ ᠴᠢᠨᠠᠷ᠂ ᠴᠢᠭᠯᠡᠭᠦᠯᠦᠯᠳᠦ ᠴᠢᠨᠠᠷ ᠢᠶᠠᠨ ᠴᠢᠩᠭ᠋ᠠᠳᠬᠠᠨ ᠤᠷᠤᠰ ᠮᠤᠩᠭ᠋ᠤᠯ ᠯᠤᠭ᠎ᠠ ᠬᠠᠮᠳᠣᠷᠠᠨ ᠠᠵᠢᠯᠯᠠᠬᠤ ᠲᠤᠭᠳᠠᠴᠠ ᠶᠢᠨ ᠲᠠᠯ᠎ᠠ ᠪᠠᠷ ᠴᠢᠨᠠᠭᠰᠢᠳᠠ ᠰᠢᠨ᠎ᠡ ᠶᠢ ᠡᠭᠦᠳᠴᠦ᠂ ᠬᠠᠷᠠᠮᠦ᠋ᠷᠡᠨ ᠬᠢᠷᠢᠨ ᠯᠢᠶᠤᠤᠨᠢᠩ᠂ ᠪᠡᠭᠡᠵᠢᠩ ᠲᠢᠶᠠᠨᠵᠢᠨ ᠡᡁᠧᠪᠸᠢ ᠵᠡᠷᠭᠡ ᠮᠤᠵᠢ ᠬᠤᠳᠠ ᠯᠤᠭ᠎ᠠ ᠶᠢᠨ ᠣᠷᠣᠨ ᠪᠦᠰᠡ ᠶᠢᠨ ᠬᠠᠮᠳᠣᠷᠠᠯᠴᠠᠭ᠎ᠠ ᠪᠠᠨ ᠴᠢᠩᠭ᠋ᠠᠳᠬᠠᠨ᠂ ᠣᠯᠣᠰ ᠤᠨ ᠲᠤᠳᠤᠭᠠᠳᠤ  ᠭᠠᠳᠠᠭᠠᠳᠤ ᠳᠤ ᠨᠡᠭᠡᠭᠡᠯᠳᠡ ᠬᠢᠬᠦ ᠲᠦᠪᠰᠢᠨ ᠢᠶᠠᠨ ᠳᠠᠰᠤᠷᠠᠯᠳᠠ ᠦᠭᠡᠢ ᠳᠡᠭᠡᠭ᠍ᠰᠢᠯᠡᠭᠦᠯᠬᠦ ᠬᠡᠷᠡᠭᠳᠠᠢ ᠭᠡᠵᠦ ᠴᠢᠬᠤᠯᠠᠴᠢᠯᠠᠪᠠ᠃       

    ᠬᠤᠷᠠᠯ ᠠᠴᠠ᠂ ᠵᠡᠭᠦᠨ ᠬᠡᠰᠡᠭ ᠤᠨ ᠠᠶᠢᠮᠠᠭ ᠬᠤᠳᠠ ᠳᠤ ᠶᠠᠳᠠᠭᠤ ᠬᠦᠴᠢᠷᠳᠠᠯᠳᠠᠢ ᠬᠦᠮᠦᠨ ᠠᠮᠠ ᠪᠣᠯᠣᠨ ᠴᠦᠭᠡᠨ ᠳᠤᠭᠠᠳᠤ ᠦᠨᠳᠦᠰᠦᠲᠡᠨ ᠤ ᠬᠦᠮᠦᠨ ᠠᠮᠠ ᠨᠡᠯᠢᠶᠡᠳ ᠲᠦᠪᠯᠡᠷᠡᠵᠦ ᠪᠣᠢ᠂ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠤᠯᠬᠤ ᠠᠵᠢᠯ ᠢ ᠰᠠᠶᠢᠳᠤᠷ ᠬᠢᠬᠦ ᠨᠢ ᠠᠷᠠᠳ ᠤᠨ ᠠᠮᠢᠳᠤᠷᠠᠯ ᠲᠠᠢ ᠬᠤᠯᠪᠤᠭᠳᠠᠬᠤ ᠪᠠᠷ ᠪᠠᠷᠠᠬᠤ ᠦᠭᠡᠢ᠂ ᠨᠡᠩ ᠴᠦ ᠦᠨᠳᠦᠰᠦᠲᠡᠨ ᠤ ᠪᠦᠯᠬᠦᠮᠳᠠᠯ ᠳᠠᠪᠰᠢᠯᠳᠠ ᠶᠢᠨ ᠶᠡᠭᠡ ᠳᠠᠯ᠎ᠠ ᠲᠠᠢ ᠬᠤᠯᠪᠤᠭᠳᠠᠨ᠎ᠠ᠃ ᠣᠨᠢᠨ ᠳᠡᠭᠡᠷ᠎ᠡ ᠨᠢ ᠶᠠᠳᠠᠭᠤ ᠶᠢ ᠳᠡᠳᠭᠦᠵᠤ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠠᠷᠭ᠎ᠠ ᠪᠣᠳᠣᠯᠭ᠎ᠠ ᠶᠢ ᠪᠠᠷᠢᠮᠳᠠᠯᠠᠵᠣ᠂ ᠴᠢᠩᠭ᠋᠎ᠠ ᠪᠦᠭᠡᠳ ᠪᠤᠳᠠᠳᠠᠢ ᠪᠠᠶᠢᠬᠤ ᠠᠵᠢᠯ ᠤᠨ ᠰᠣᠷᠳᠠᠯ ᠢ ᠪᠠᠷᠢᠮᠳᠠᠯᠠᠵᠤ᠂ ᠠᠵᠢᠯ ᠤᠨ ᠡᠷᠴᠢᠮ ᠢᠶᠠᠨ ᠴᠢᠨᠠᠭᠰᠢᠳᠠ ᠴᠢᠩᠭ᠋ᠠᠷᠠᠭᠤᠯᠤᠨ ᠠᠵᠢᠯ ᠤᠨ ᠳᠣᠭᠳᠠᠴᠠ ᠪᠠᠨ ᠳᠡᠭᠦᠯᠳᠡᠷᠵᠢᠭᠦᠯᠵᠤ᠂ ᠠᠵᠢᠯ ᠤᠨ ᠰᠠᠬᠢᠯᠭ᠎ᠠ ᠪᠠᠳᠤ ᠶᠢ ᠴᠢᠩᠳᠠᠯᠠᠨ ᠶᠠᠳᠠᠭᠤ ᠠᠴᠠ ᠠᠩᠬᠢᠵᠢᠷᠠᠭᠤᠯᠣᠭᠰᠠᠨ ᠦᠷ᠎ᠡ ᠳ᠋ᠦᠩ ᠤᠨ ᠦᠢᠯᠡᠳᠦᠯᠭᠡ ᠪᠣᠯᠣᠨ ᠤᠯᠠᠨ ᠲᠦᠮᠡᠨ ᠤ ᠰᠢᠯᠭᠠᠯᠳᠠ ᠶᠢ ᠳᠠᠭᠠᠭᠠᠵᠤ ᠳᠠᠶᠢᠯᠬᠦ ᠶᠢ ᠦᠨᠡᠨᠬᠦ ᠪᠠᠳᠤᠯᠠᠵᠣ᠂ ᠪᠦᠬᠦ ᠤᠷᠤᠨ ᠲᠠᠢ ᠢᠵᠢᠯ ᠠᠯᠬᠤᠮ ᠢᠶᠠᠷ ᠴᠢᠨᠡᠭᠡᠯᠢᠭ᠌ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠬᠠᠷᠠᠯᠳᠠ ᠶᠢ ᠪᠡᠶᠡᠯᠡᠭᠦᠯᠬᠦ ᠶᠢ ᠦᠨᠡᠨᠬᠦ ᠪᠠᠳᠤᠯᠠᠬᠤ ᠬᠡᠷᠡᠭᠳᠠᠢ ᠬᠡᠵᠦ ᠵᠢᠭᠠᠵᠣ ᠭᠠᠷᠭᠠᠪᠠ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120791121702961