蒙古文网站Logo
ᠰᠢᠨᠬᠤᠸᠠ ᠮᠤᠩᠭ᠋ᠤᠯ ᠨᠧᠲ

ᠮᠠᠨ ᠤ ᠤᠯᠤᠰ ᠪᠠᠶᠢᠭᠠᠯᠢ ᠤᠷᠴᠢᠨ ᠤ ᠬᠢᠨᠡᠨ ᠡᠵᠡᠮᠰᠢᠯᠲᠡ ᠶᠢᠨ ᠭᠤᠭᠴᠤᠭᠠᠨ ᠳ᠋ᠤ ᠤᠲᠤᠷᠢᠳᠬᠤ ᠺᠠᠳ᠋ᠷ ᠭᠠᠷ ᠲᠦᠷᠦᠬᠦ ᠶᠢ ᠴᠢᠩᠭ᠎ᠠ ᠬᠤᠷᠢᠭᠯᠠᠬᠤ ᠪᠡᠷ ᠪᠠᠶᠢᠨ᠎ᠠ

2017-09-22 18:55

    ᠰᠢᠨᠬᠤᠧᠠ ᠬᠤᠷᠢᠶ᠎ᠠ   ᠪᠡᠭᠡᠵᠢᠩ ᠤᠨ 9 ᠰᠠᠷ᠎ᠠ ᠶᠢᠨ 21 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠭᠤᠤ ᠵᠢᠩ ) 21 ᠤ ᠡᠲᠦᠷ《ᠪᠠᠶᠢᠭᠠᠯᠢ ᠤᠷᠴᠢᠨ ᠤ ᠬᠢᠨᠠᠨ ᠡᠵᠡᠮᠰᠢᠯᠲᠡ ᠶᠢᠨ ᠦᠭᠡᠷᠡᠴᠢᠯᠡᠯᠲᠡ ᠶᠢ ᠭᠦᠨᠵᠡᠭᠡᠶᠢᠷᠡᠬᠦᠯᠵᠦ ᠪᠠᠶᠢᠭᠠᠯᠢ ᠤᠷᠴᠢᠨ ᠤ ᠬᠢᠨᠠᠨ ᠡᠵᠡᠮᠰᠢᠯᠲᠡ ᠶᠢᠨ ᠲᠤᠭ᠎ᠠ ᠪᠠᠷᠢᠮᠲᠠ ᠴᠢᠨᠠᠷ ᠴᠢᠨᠰᠠᠭ᠎ᠠ ᠶᠢ ᠲᠡᠭᠡᠭ᠍ᠰᠢᠯᠡᠬᠦᠯᠬᠦ ᠲᠤᠬᠠᠢ ᠰᠠᠨᠠᠯ》 ᠢ ᠨᠡᠶᠢᠭᠡᠮ ᠨᠡᠶᠢᠲᠡ ᠳ᠋ᠤ ᠵᠠᠷᠯᠠᠪᠠ᠃ ᠰᠠᠨᠠᠯ ᠳ᠋ᠤ ᠤᠷᠤᠨ ᠨᠤᠲᠤᠭ ᠪᠠ ᠰᠠᠯᠠᠭ᠎ᠠ ᠮᠦᠴᠢᠷ ᠤᠨ ᠭᠠᠷ ᠲᠦᠷᠦᠬᠦ ᠶᠢ ᠴᠢᠩᠭ᠎ᠠ ᠬᠢᠵᠠᠭᠠᠷᠯᠠᠵᠦ ᠰᠡᠷᠭᠡᠶᠢᠯᠡᠨ᠎ᠡ ᠭᠡᠵᠡᠢ᠃ ᠤᠲᠤᠷᠢᠳᠬᠤ ᠺᠠᠳ᠋ᠷ ᠪᠠᠶᠢᠭᠠᠯᠢ ᠤᠷᠴᠢᠨ ᠤ ᠬᠢᠨᠡᠨ ᠡᠵᠡᠮᠰᠢᠯᠲᠡ ᠶᠢᠨ ᠠᠵᠢᠯᠯᠠᠭᠠᠨ ᠳ᠋ᠤ ᠭᠠᠷ ᠲᠦᠷᠦᠬᠦ ᠶᠢ ᠰᠡᠷᠭᠡᠶᠢᠯᠡᠬᠦ ᠪᠠ ᠶᠠᠯᠠᠯᠠᠨ ᠰᠢᠢᠳᠭᠡᠬᠦ  ᠬᠠᠮᠢᠶᠠᠷᠤᠯᠲᠠ ᠶᠢᠨ ᠠᠷᠭ᠎ᠠ ᠶᠢ ᠰᠤᠲᠤᠯᠤᠨ ᠲᠤᠭᠲᠠᠭᠠᠵᠤ᠂ ᠤᠷᠤᠨ ᠨᠤᠲᠤᠭ ᠤᠨ ᠨᠠᠮ ᠵᠠᠰᠠᠭ ᠤᠨ ᠤᠲᠤᠷᠢᠳᠬᠤ ᠺᠠᠳ᠋ᠷ ᠪᠠ ᠬᠠᠮᠢᠶᠠᠲᠠᠢ ᠰᠠᠯᠠᠭ᠎ᠠ ᠮᠦᠴᠢᠷ ᠤᠨ ᠠᠵᠢᠯᠲᠠᠳ ᠲᠤᠰᠢᠶᠠᠯ ᠢᠶᠡᠨ ᠠᠰᠢᠭᠯᠠᠨ ᠵᠢᠭᠠᠵᠤ ᠲᠤᠬᠢᠨ ᠭᠠᠵᠢᠭᠤᠳᠠᠭᠤᠯᠵᠦ ᠦᠭᠡᠷᠡᠴᠢᠯᠡᠬᠦ᠂ ᠪᠠᠶᠢᠭᠠᠯᠢ ᠤᠷᠴᠢᠨ ᠤ ᠬᠢᠨᠡᠨ ᠡᠵᠡᠮᠰᠢᠯᠲᠡ ᠶᠢᠨ ᠲᠤᠭ᠎ᠠ ᠪᠠᠷᠢᠮᠲᠠ ᠶᠢ ᠬᠠᠭᠤᠷᠮᠠᠭᠯᠠᠬᠤ ᠵᠡᠷᠭᠡ ᠠᠰᠠᠭᠤᠲᠠᠯ ᠢ ᠭᠤᠤᠯᠲᠠᠯᠭ᠎ᠠ ᠲᠠᠢ ᠰᠢᠢᠳᠪᠦᠷᠢᠯᠡᠬᠦ ᠪᠤᠯᠤᠨ᠎ᠠ᠃

    ᠨᠠᠮ ᠤᠨ ᠲᠦᠪ ᠬᠤᠷᠢᠶᠠᠨ ᠤ ᠠᠯᠪᠠᠨ᠂ ᠲᠦᠷᠦ ᠶᠢᠨ ᠶᠠᠪᠤᠲᠠᠯ ᠤᠨ ᠬᠤᠷᠢᠶᠠᠨ ᠤ ᠠᠯᠪᠠᠨ ᠡᠴᠡ ᠰᠡᠬᠦᠯ ᠤᠨ ᠦᠶ᠎ᠠ ᠳ᠋ᠤ ᠲᠠᠷᠤᠮᠠᠯᠯᠠᠨ ᠲᠠᠷᠬᠠᠭᠠᠭᠰᠠᠨ 《ᠪᠠᠶᠢᠭᠠᠯᠢ ᠤᠷᠴᠢᠨ ᠤ ᠬᠢᠨᠠᠨ ᠡᠵᠡᠮᠰᠢᠯᠲᠡ ᠶᠢᠨ ᠦᠭᠡᠷᠡᠴᠢᠯᠡᠯᠲᠡ ᠶᠢ ᠭᠦᠨᠵᠡᠭᠡᠶᠢᠷᠡᠬᠦᠯᠵᠦ ᠪᠠᠶᠢᠭᠠᠯᠢ ᠤᠷᠴᠢᠨ ᠤ ᠬᠢᠨᠠᠨ ᠡᠵᠡᠮᠰᠢᠯᠲᠡ ᠶᠢᠨ ᠲᠤᠭ᠎ᠠ ᠪᠠᠷᠢᠮᠲᠠ ᠴᠢᠨᠠᠷ ᠴᠢᠨᠰᠠᠭ᠎ᠠ ᠶᠢ ᠲᠡᠭᠡᠭ᠍ᠰᠢᠯᠡᠬᠦᠯᠬᠦ ᠲᠤᠬᠠᠢ ᠰᠠᠨᠠᠯ》ᠳ᠋ᠤ᠂ 2020 ᠤᠨ ᠪᠤᠯᠲᠠᠯ᠎ᠠ ᠪᠠᠶᠢᠭᠠᠯᠢ ᠤᠷᠴᠢᠨ ᠤ ᠬᠢᠨᠡᠨ ᠡᠵᠡᠮᠰᠢᠯᠲᠡ ᠶᠢᠨ ᠲᠤᠭ᠎ᠠ ᠪᠠᠷᠢᠮᠲᠠ ᠶᠢᠨ ᠴᠢᠨᠠᠷ ᠴᠢᠨᠰᠠᠭ᠎ᠠ ᠶᠢ ᠪᠠᠲᠤᠯᠠᠬᠤ ᠬᠠᠷᠢᠭᠤᠴᠠᠯᠭ᠎ᠠ ᠶᠢᠨ ᠲᠤᠭᠲᠠᠯᠴᠠᠭ᠎ᠠ ᠶᠢ ᠪᠦᠬᠦ ᠲᠠᠯ᠎ᠠ ᠪᠡᠷ ᠪᠠᠶᠢᠭᠤᠯᠵᠤ᠂ ᠪᠠᠶᠢᠭᠠᠯᠢ ᠤᠷᠴᠢᠨ ᠤ ᠬᠢᠨᠡᠨ ᠡᠵᠡᠮᠰᠢᠯᠲᠡ ᠶᠢ ᠬᠠᠮᠢᠶᠠᠷᠬᠤ ᠲᠦᠷᠢᠮ ᠢ ᠪᠦᠷᠢᠨᠰᠢᠬᠦᠯᠵᠦ᠂ ᠪᠠᠶᠢᠭᠠᠯᠢ ᠤᠷᠴᠢᠨ ᠤ ᠬᠢᠨᠡᠨ ᠡᠵᠡᠮᠰᠢᠯᠲᠡ ᠶᠢᠨ ᠲᠤᠭ᠎ᠠ ᠪᠠᠷᠢᠮᠲᠠ ᠶᠢ ᠬᠠᠭᠤᠷᠮᠠᠭᠯᠠᠬᠤ ᠡᠴᠡ ᠰᠡᠷᠭᠡᠶᠢᠯᠡᠬᠦ ᠪᠠ ᠶᠠᠯᠠᠯᠠᠨ ᠰᠢᠢᠳᠭᠡᠬᠦ ᠲᠤᠭᠲᠠᠯᠴᠠᠭ᠎ᠠ ᠶᠢ ᠪᠤᠢ ᠪᠤᠯᠭᠠᠨ᠂ ᠪᠠᠶᠢᠭᠠᠯᠢ ᠤᠷᠴᠢᠨ ᠤ ᠬᠢᠨᠡᠨ ᠡᠵᠡᠮᠰᠢᠯᠲᠡ ᠶᠢᠨ ᠪᠠᠶᠢᠭᠤᠯᠤᠯᠭ᠎ᠠ ᠪᠠ ᠠᠵᠢᠯᠲᠠᠨ ᠤ ᠪᠡᠶ᠎ᠡ ᠲᠠᠭᠠᠭᠠᠨ ᠲᠦᠪ ᠴᠢᠭᠡᠴᠢ ᠪᠡᠷ ᠠᠵᠢᠯᠯᠠᠬᠤ ᠶᠢ ᠪᠠᠲᠤᠯᠠᠵᠤ᠂ ᠪᠠᠶᠢᠭᠠᠯᠢ ᠤᠷᠴᠢᠨ ᠤ ᠬᠢᠨᠠᠨ ᠡᠵᠡᠮᠰᠢᠯᠲᠡ ᠶᠢᠨ ᠲᠤᠭ᠎ᠠ ᠪᠠᠷᠢᠮᠲᠠ ᠶᠢᠨ ᠪᠦᠬᠦ ᠲᠠᠯ᠎ᠠ ᠶᠢᠨ᠂ ᠤᠨᠤᠪᠴᠢᠲᠠᠢ᠂ ᠪᠤᠰᠤᠳᠴᠢ᠂ ᠦᠨᠡᠨ ᠪᠤᠲᠠᠲᠠᠢ ᠪᠠᠶᠢᠬᠤ ᠶᠢ ᠪᠠᠲᠤᠯᠠᠨ᠎ᠠ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120791121710095