蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠬᠳᠤᠬᠤ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠦ ᠲᠤᠤᠱᠯᠠᠭᠤᠯᠬᠤ ᠪᠡᠯᠡᠳᠭᠡᠯ ᠠᠵᠢᠯ ᠢ ᠰᠠᠶᠢᠳᠤᠷ ᠬᠢᠬᠦ ᠲᠤᠬᠠᠢ ᠲᠤᠬᠢᠷᠠᠭᠤᠯᠤᠯᠳᠠ ᠪᠠᠶᠢᠷᠢᠯᠠᠭᠤᠯᠤᠯᠳᠠ ᠬᠢᠵᠠᠢ

2017-09-25 10:49

    ᠤᠢᠢᠷ᠎ᠠ ᠳᠤ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠡᠷᠬᠢᠯᠡᠨ ᠬᠤᠷᠠᠯᠳᠤᠭᠤᠯᠬᠤ ᠳᠠᠭᠠᠨ᠂ ᠪᠦᠬᠦ ᠤᠷᠤᠨ ᠤ ᠳᠡᠭᠡᠳᠦ ᠳᠤᠤᠷᠠᠳᠦ ᠱᠠᠳᠤ ᠪᠠᠷ ᠢᠶᠠᠨ 《ᠲᠦᠷᠪᠡᠨ ᠤᠬᠠᠮᠰᠠᠷ》 ᠢ ᠴᠢᠨᠠᠬᠰᠢᠳᠠ ᠴᠢᠩᠭ᠋ᠠᠳᠬᠠᠵᠤ᠂ ᠶᠡᠷᠦᠩᠭᠡᠢ ᠱᠦᠵᠢ ᠰᠢ ᠶᠢᠨ ᠫᠢᠩ ᠤᠨ 《7·26》 ᠤ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠨᠢᠮᠪᠡᠢ ᠰᠤᠷᠤᠯᠴᠠᠨ ᠲᠤᠤᠱᠯᠠᠭᠤᠯᠵᠦ᠂ ᠰᠠᠶᠢᠨ ᠰᠠᠶᠢᠬᠠᠨ ᠤᠶᠤᠨ ᠰᠠᠨᠠᠭᠠᠨ ᠤ ᠲᠦᠷᠰᠤ ᠪᠠᠶᠢᠳᠠᠯ᠂ ᠰᠢᠯᠢᠳᠡᠭ ᠰᠠᠶᠢᠨ ᠠᠵᠢᠯ ᠤᠨ ᠬᠢᠷᠢ ᠪᠦᠳᠦᠮᠵᠢ᠂ ᠠᠮᠤᠷ ᠲᠤᠭᠳᠠᠭᠤᠨ ᠨᠡᠶᠢᠭᠡᠮ ᠤᠨ ᠤᠷᠴᠢᠨ ᠲᠤᠭᠤᠷᠢᠨ ᠢᠶᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠬᠳᠤᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠦ ᠲᠤᠤᠱᠯᠠᠭᠤᠯᠬᠤ ᠡᠯ᠎ᠠ ᠲᠦᠷᠦᠯ ᠤᠨ ᠪᠡᠯᠡᠳᠭᠡᠯ ᠠᠵᠢᠯ ᠢ ᠨᠢᠮᠪᠠᠢ ᠰᠠᠶᠢᠨ ᠬᠢᠬᠦ ᠭᠡᠷᠡᠭᠲᠡᠢ ᠭᠡᠵᠦ ᠴᠢᠬᠤᠯᠠᠴᠢᠯᠠᠵᠠᠢ᠃        

    ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠷᠧᠨ ᠶᠠ ᠫᠢᠩ ᠬᠤᠷᠠᠯ ᠳᠤ ᠤᠷᠤᠯᠴᠠᠪᠠ᠃       

    ᠬᠤᠷᠠᠯ ᠠᠴᠠ᠂ ᠤᠳᠠᠯ ᠦᠭᠡᠢ ᠬᠤᠷᠠᠯᠳᠤᠬᠤ ᠪᠠᠷ ᠪᠠᠶᠢᠭ᠎ᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯ ᠴᠢᠨᠡᠭᠡᠯᠢᠭ᠌᠌ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠵᠠᠩᠬᠢᠯᠠᠭ᠎ᠠ ᠶᠢᠨ ᠱᠠᠳᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠦᠭ᠍ᠵᠢᠯᠳᠠ ᠶᠢᠨ ᠵᠠᠩᠬᠢᠯᠠᠭ᠎ᠠ ᠶᠢᠨ ᠦᠶ᠎ᠠ ᠳᠤ ᠬᠤᠷᠠᠯᠳᠤᠬᠤ ᠲᠦᠢᠯ ᠤᠨ ᠴᠢᠬᠤᠯᠠ ᠶᠡᠭᠡ ᠬᠤᠷᠠᠯ ᠪᠤᠯᠤᠨ᠎ᠠ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠤᠯᠤᠰ ᠲᠦᠷᠦ ᠶᠢᠨ ᠵᠤᠬᠰᠤᠴᠠ ᠪᠠᠨ ᠳᠡᠭᠡᠭ᠍ᠰᠢᠯᠡᠬᠦᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠦ ᠲᠤᠤᠱᠯᠠᠭᠤᠯᠬᠤ ᠴᠢᠬᠤᠯᠠ ᠶᠡᠭᠡ ᠠᠬᠤᠢᠢᠴᠢ ᠠᠴᠢ ᠬᠤᠯᠪᠤᠭᠳᠠᠯ ᠪᠠ ᠠᠯᠤᠰ ᠭᠡᠳᠦ ᠶᠢᠨ ᠲᠡᠦᠭᠡᠳᠦ ᠠᠴᠢ ᠬᠤᠯᠪᠤᠭᠳᠠᠯ ᠢ ᠬᠦᠢᠴᠡᠳ ᠲᠠᠨᠢᠵᠦ᠂ ᠰᠤᠷᠤᠯᠴᠠᠯᠭ᠎ᠠ ᠬᠦᠮᠦᠵᠢᠯ᠂ ᠤᠬᠠᠭᠤᠯᠭ᠎ᠠ ᠲᠠᠶᠢᠯᠤᠮᠵᠢ ᠪᠠ ᠲᠤᠤᠱᠯᠠᠭᠤᠯᠤᠨ ᠨᠠᠶᠢᠳᠠᠪᠤᠷᠢᠵᠢᠭᠤᠯᠬᠤ ᠪᠡᠯᠡᠳᠭᠡᠯ ᠠᠵᠢᠯ ᠢ ᠨᠢᠮᠪᠠᠢ ᠰᠠᠶᠢᠳᠤᠷ ᠬᠢᠵᠦ᠂ ᠶᠡᠭᠡ ᠬᠤᠷᠠᠯ ᠠᠮᠵᠢᠯᠳᠠ ᠲᠠᠢ ᠲᠡᠭᠦᠰᠦᠭᠰᠡᠨ ᠤ ᠳᠠᠷᠠᠭ᠎ᠠ ᠲᠠᠷᠦ᠋ᠢᠬᠠᠨ ᠬᠦᠳᠡᠯᠦᠯᠴᠡᠵᠤ᠂ ᠰᠤᠷᠤᠯᠴᠠᠨ ᠤᠬᠠᠭᠤᠯᠵᠦ ᠲᠤᠤᠱᠯᠠᠭᠤᠯᠬᠤ ᠦᠷᠨᠢᠯᠳᠡ ᠶᠢ ᠦᠳᠳᠡᠷ ᠲᠦᠷᠭᠡᠨ ᠭᠠᠷᠭᠠᠵᠦ᠂ ᠨᠠᠮ ᠤᠨ ᠭᠡᠰᠢᠬᠦᠨ ᠺᠠᠳ᠋ᠷ ᠤᠯᠠᠨ ᠲᠦᠮᠡᠨ ᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠦᠨᠡᠨᠬᠦ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠲᠠᠢ ᠨᠢᠭᠡᠳᠭᠡᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠪᠡᠷᠲᠡᠭᠡᠨ ᠵᠠᠰᠠᠬᠤ ᠤᠷᠤᠨ ᠤ ᠡᠯ᠎ᠠ ᠵᠦᠢᠯ ᠤᠨ ᠠᠵᠢᠯ ᠳᠤ ᠨᠠᠶᠢᠳᠠᠪᠤᠷᠢᠵᠢᠭᠤᠯᠬᠤ ᠭᠡᠷᠡᠭᠲᠡᠢ᠃ ᠡᠯ᠎ᠠ ᠱᠠᠳᠤᠨ ᠤ ᠤᠳᠤᠷᠢᠳᠬᠤ ᠺᠠᠳ᠋ᠷ ᠶᠡᠷᠦᠩᠭᠡᠢ ᠱᠦᠵᠢ ᠰᠢ ᠶᠢᠨ ᠫᠢᠩ ᠤᠨ 《7·26》 ᠤ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠨᠢᠮᠪᠠᠢ ᠰᠤᠷᠤᠯᠴᠠᠨ ᠲᠤᠤᠱᠯᠠᠭᠤᠯᠵᠦ᠂ ᠨᠡᠩ ᠰᠠᠨᠠᠭᠠᠴᠢᠯᠠᠭ᠎ᠠ ᠠᠴᠠ ᠪᠠᠨ ᠦᠵᠡᠯ ᠰᠠᠨᠠᠭᠠᠨ ᠤ ᠲᠠᠯ᠎ᠠ ᠪᠠᠷ᠂ ᠤᠯᠤᠰ ᠲᠦᠷᠦ ᠶᠢᠨ ᠲᠠᠯ᠎ᠠ ᠪᠠᠷ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠳᠦ ᠭᠡᠮᠵᠢᠶ᠎ᠠ ᠪᠠᠷ ᠨᠢᠭᠡᠳᠦᠯᠳᠠᠢ ᠪᠠᠶᠢᠵᠦ᠂ ᠨᠠᠮ ᠤᠨ ᠲᠦᠪ ᠬᠤᠷᠢᠶᠠᠨ ᠤ ᠡᠷᠭᠡ ᠰᠦᠷ ᠪᠠ ᠲᠦᠪᠯᠡᠷᠡᠭᠰᠡᠨ ᠨᠢᠭᠡᠳᠦᠯᠳᠠᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠭᠡᠷᠡᠭᠲᠡᠢ᠃ ᠬᠦᠭ᠍ᠵᠢᠯᠳᠠ ᠶᠢᠨ ᠶᠡᠭᠡ ᠬᠠᠨᠳᠤᠰᠢ ᠳᠤ ᠠᠩᠬᠠᠷᠤᠯ ᠢᠶᠠᠨ ᠲᠦᠪᠯᠡᠷᠡᠬᠦᠯᠤᠨ ᠠᠵᠢᠯ ᠤᠨ ᠪᠤᠳᠠᠳᠤ  ᠪᠠᠶᠢᠳᠠᠯ ᠲᠠᠢ ᠪᠠᠨ ᠬᠤᠯᠪᠤᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ ᠪᠦᠬᠦ ᠲᠠᠯ᠎ᠠ ᠶᠢᠨ ᠠᠵᠢᠯ ᠪᠠ ᠠᠯᠤᠰ ᠭᠡᠳᠦ ᠶᠢᠨ ᠬᠦᠭ᠍ᠵᠢᠯᠳᠠ ᠳᠤ ᠬᠤᠯᠪᠤᠭᠳᠠᠬᠤ ᠴᠢᠬᠤᠯᠠ ᠶᠡᠭᠡ ᠠᠰᠠᠭᠤᠳᠠᠯ ᠤᠨ ᠲᠤᠬᠠᠢ ᠪᠠᠶᠢᠯᠳᠤᠬᠤ ᠪᠤᠳᠤᠯᠭ᠎ᠠ ᠶᠢᠨ ᠰᠤᠳᠤᠯᠭᠠᠨ ᠢᠶᠠᠨ ᠦᠨᠡᠨᠬᠦ ᠴᠢᠩᠭ᠋ᠠᠳᠬᠠᠵᠤ᠂ ᠠᠵᠢᠯ ᠤᠨ ᠰᠡᠳᠬᠢᠴᠡ᠂ ᠠᠷᠭ᠎ᠠ ᠭᠡᠮᠵᠢᠶ᠎ᠠ ᠶᠢ ᠴᠢᠩᠭ᠋ᠠᠳᠬᠠᠵᠤ ᠰᠠᠶᠢᠵᠢᠷᠠᠭᠤᠯᠬᠤ ᠲᠠᠯ᠎ᠠ ᠪᠠᠷ ᠬᠦᠨᠵᠡᠭᠡᠢ ᠰᠡᠳᠬᠢᠨ ᠪᠤᠳᠤᠯᠬᠢᠯᠠᠵᠦ᠂ ᠳᠠᠷᠠᠭᠠᠴᠢ ᠶᠢᠨ ᠠᠯᠬᠤᠮ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠰᠠᠭᠤᠷᠢ ᠶᠢ ᠰᠠᠶᠢᠳᠤᠷ ᠲᠠᠯᠪᠢᠬᠤ ᠭᠡᠷᠡᠭᠲᠡᠢ ᠭᠡᠵᠦ ᠵᠢᠭᠠᠵᠦ ᠭᠠᠷᠭᠠᠪᠠ᠃       

    ᠬᠤᠷᠠᠯ ᠠᠴᠠ᠂ ᠢᠳᠡᠪᠬᠢᠳᠠᠢ ᠦᠭᠡᠳᠡᠯᠡᠨ ᠲᠠᠪᠰᠢᠬᠤ᠂ ᠬᠦᠴᠦᠯᠡᠨ ᠴᠢᠷᠮᠠᠶᠢᠵᠤ ᠠᠵᠢᠯᠯᠠᠬᠤ ᠵᠤᠷᠢᠭ ᠰᠠᠨᠠᠭᠠᠨ ᠤ ᠪᠠᠶᠢᠳᠠᠯ ᠢᠶᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠤᠬᠳᠤᠵᠦ᠂ ᠠᠵᠤ ᠠᠬᠤᠢ ᠨᠡᠶᠢᠭᠡᠮ ᠤᠨ ᠬᠦᠭ᠍ᠵᠢᠯᠳᠠ ᠪᠠ ᠨᠠᠮ ᠢ ᠴᠢᠩᠭ᠋᠎ᠠ ᠬᠠᠮᠢᠶᠠᠷᠴᠦ ᠴᠢᠩᠭ᠋᠎ᠠ ᠵᠠᠰᠠᠬᠤ ᠡᠯ᠎ᠠ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠬᠦ ᠭᠡᠷᠡᠭᠲᠡᠢ᠃ ᠲᠤᠭᠳᠠᠭᠤᠨ ᠤ ᠳᠤᠮᠳᠠ ᠤᠷᠤᠬᠰᠢᠯᠠᠨ ᠲᠠᠪᠰᠢᠬᠤ ᠠᠵᠢᠯ ᠤᠨ ᠬᠦᠭ᠌ ᠠᠶᠠᠰ ᠢ ᠪᠠᠷᠢᠮᠳᠠᠯᠠᠨ ᠰᠢᠨ᠎ᠠ ᠬᠦᠭ᠍ᠵᠢᠯᠳᠠ ᠶᠢᠨ ᠤᠢᠢᠯᠠᠭᠠᠭᠳᠠᠬᠤᠨ ᠢᠶᠠᠷ ᠠᠵᠤ ᠠᠬᠤᠢ ᠶᠢᠨ ᠬᠦᠭ᠍ᠵᠢᠯᠳᠠ ᠶᠢᠨ ᠰᠢᠨ᠎ᠠ ᠬᠡᠪ ᠪᠠᠶᠢᠳᠠᠯ ᠢ ᠲᠠᠭᠠᠭᠤᠯᠬᠤ ᠶᠢ ᠪᠠᠷᠢᠮᠳᠠᠯᠠᠵᠦ᠂ ᠬᠠᠩᠭ᠋ᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠪᠠᠷ ᠭᠤᠤᠯ ᠰᠢᠵᠢᠮ ᠪᠤᠯᠭᠠᠨ ᠰᠢᠨ᠎ᠠ ᠶᠢ ᠡᠬᠦᠳᠬᠦ ᠪᠠᠷ ᠬᠦᠳᠡᠯᠭᠡᠬᠦᠷ ᠪᠤᠯᠭᠠᠬᠤ᠂ ᠦᠭᠡᠷᠡᠴᠢᠯᠡᠯᠳᠠ ᠶᠢ ᠠᠬᠢᠭᠤᠯᠬᠤ᠂ ᠨᠡᠭᠡᠭᠡᠯᠳᠠ ᠶᠢ ᠲᠠᠶᠢᠴᠢᠯᠠᠬᠤ᠂ ᠲᠦᠷᠦᠯ ᠵᠦᠢᠯ ᠢᠶᠠᠷ ᠳᠠᠳᠠᠬᠤ ᠬᠦᠴᠦᠨ ᠢ ᠴᠢᠩᠭ᠋ᠠᠳᠬᠠᠵᠤ᠂ ᠠᠷᠠᠳ ᠤᠨ ᠠᠮᠢᠳᠤᠷᠠᠯ ᠢ ᠦᠨᠡᠨᠬᠦ ᠪᠠᠳᠤᠯᠠᠨ ᠰᠠᠶᠢᠵᠢᠷᠠᠭᠤᠯᠵᠦ᠂ ᠨᠡᠶᠢᠭᠡᠮ ᠤᠨ ᠡᠶ᠎ᠡ ᠵᠤᠬᠢᠴᠠᠩᠭ᠋ᠤᠢ ᠲᠤᠬᠳᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠭᠡᠷᠡᠭᠲᠡᠢ᠃ ᠲᠦᠪ ᠤᠨ ᠲᠤᠭᠤᠷᠢᠨ ᠪᠠᠶᠢᠴᠠᠭᠠᠯᠲᠠ ᠶᠢᠨ 《ᠡᠷᠬᠢᠵᠤ ᠬᠠᠷᠠᠬᠤ》 ᠳᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠤᠬᠳᠤ ᠰᠤᠯᠠᠷᠠᠭᠤᠯᠤᠯ ᠦᠭᠡᠢ ᠠᠬᠢᠭᠤᠯᠵᠦ᠂ 《ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠭᠡᠰᠢᠬᠦᠨ ᠪᠤᠯᠤᠶ᠎ᠠ 》ᠰᠤᠷᠤᠯᠴᠠᠯᠭ᠎ᠠ ᠬᠦᠮᠦᠵᠢᠯ ᠢ ᠪᠠᠶᠢᠩᠭ᠋ᠤᠵᠢᠭᠤᠯᠬᠤ ᠲᠦᠷᠢᠮᠵᠢᠭᠦᠯᠬᠦ ᠡᠯ᠎ᠠ ᠵᠦᠢᠯ ᠤᠨ ᠠᠷᠭ᠎ᠠ ᠭᠡᠮᠵᠢᠶ᠎ᠠ ᠶᠢ ᠬᠦᠨᠵᠡᠭᠡᠢ ᠨᠠᠶᠢᠳᠠᠪᠤᠷᠢᠵᠢᠭᠤᠯᠵᠦ᠂ ᠲᠦᠪ ᠤᠨ ᠨᠠᠶ᠋ᠮᠠᠨ ᠵᠤᠷᠪᠤᠰ ᠲᠤᠭᠳᠠᠭᠠᠯ ᠤᠨ ᠵᠤᠷᠢᠭ ᠰᠠᠨᠠᠭ᠎ᠠ ᠶᠢᠨ ᠨᠠᠶᠢᠳᠠᠪᠤᠷᠢᠵᠢᠭᠤᠯᠤᠯᠳᠠ ᠶᠢ ᠰᠤᠯᠠᠷᠠᠭᠤᠯᠤᠯ ᠦᠭᠡᠢ ᠴᠢᠩᠭ᠋᠎ᠠ ᠠᠳᠬᠤᠵᠦ᠂ ᠨᠠᠮ ᠤᠨ ᠡᠯ᠎ᠠ ᠵᠦᠢᠯ ᠤᠨ ᠪᠠᠶᠢᠭᠤᠯᠤᠯᠳᠠ ᠶᠢ ᠦᠨᠡᠨ ᠪᠤᠳᠠᠳᠠᠢ ᠯᠠᠪᠳᠠᠭᠤᠨ ᠪᠠᠳᠤᠳᠠᠢ ᠠᠳᠬᠤᠵᠦ᠂ ᠪᠦᠬᠦ  ᠲᠠᠯ᠎ᠠ ᠪᠠᠷ ᠨᠠᠮ ᠢ ᠴᠢᠩᠭ᠋᠎ᠠ ᠵᠠᠰᠠᠬᠤ ᠠᠵᠢᠯ ᠬᠦᠨ ᠳᠠᠪᠬᠤᠷᠭ᠎ᠠ ᠲᠡᠰᠢ ᠬᠦᠭ᠍ᠵᠢᠬᠦ ᠶᠢ ᠠᠬᠢᠭᠤᠯᠬᠤ ᠭᠡᠷᠡᠭᠲᠡᠢ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠵᠢᠵᠢᠬᠦᠷᠯᠡᠬᠦ ᠲᠦᠷᠢᠮ᠂ ᠴᠢᠯᠦᠭᠡ ᠭᠤᠶᠤᠵᠦ ᠲᠠᠩᠰᠠᠯᠠᠭᠤᠯᠬᠤ ᠲᠦᠷᠢᠮ ᠪᠠ ᠮᠡᠳᠡᠭᠡ ᠵᠠᠩᠬᠢ ᠶᠢ ᠮᠡᠳᠡᠬᠦᠯᠦᠨ ᠬᠦᠷᠭᠡᠬᠦ ᠲᠦᠷᠢᠮ ᠢ ᠲᠦᠪ ᠴᠢᠩᠭ᠋᠎ᠠ ᠪᠡᠷ ᠭᠡᠷᠡᠭᠵᠢᠬᠦᠯᠬᠦ ᠭᠡᠷᠡᠭᠲᠡᠢ ᠭᠡᠵᠦ ᠴᠢᠬᠤᠯᠠᠴᠢᠯᠠᠪᠠ᠃        

    ᠦᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠤᠳᠤᠷᠢᠳᠬᠤ ᠨᠦᠬᠦᠳ ᠪᠤᠯᠤᠨ ᠬᠤᠯᠪᠤᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠳᠠᠳ ᠬᠤᠷᠠᠯ ᠳᠤ ᠤᠷᠤᠯᠴᠠᠵᠠᠢ

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120791121718273