蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠲᠦᠯᠦᠭᠡᠯᠡᠭᠴᠢᠳ ᠤᠨ ᠪᠦᠯᠬᠦᠮ ᠵᠠᠭᠤᠴᠢᠯᠠᠭᠤᠷ ᠤᠨ ᠬᠢᠨ ᠳᠤ ᠨᠡᠭᠡᠭᠡᠯᠲᠡ ᠬᠢᠪᠡ

2017-10-20 17:11

    10 ᠰᠠᠷ᠎ᠠ ᠶᠢᠨ 19 ᠤ ᠦᠳᠡ ᠡᠴᠡ ᠬᠤᠶᠢᠰᠢ᠂ ᠳᠣᠮᠳᠠᠳᠣ ᠣᠯᠣᠰ ᠤᠨ ᠡᠪ ᠬᠠᠮᠳᠣ ᠨᠠᠮ ᠤᠨ ᠠᠷᠪᠠ ᠶᠢᠰᠦᠳᠦᠭᠡᠷ ᠣᠳᠠᠭ᠎ᠠ ᠵᠢᠨ ᠪᠦᠬᠦ ᠣᠯᠣᠰ ᠤᠨ ᠲᠦᠯᠦᠭᠡᠯᠡᠭᠴᠢᠳ ᠤᠨ ᠶᠡᠬᠡ ᠬᠣᠷᠠᠯ ᠳ᠋ᠦ ᠣᠷᠣᠯᠴᠠᠵᠣ ᠪᠠᠢᠢᠭ᠎ᠠ ᠦᠪᠦᠷ ᠮᠣᠩᠭᠣᠯ ᠤᠨ ᠲᠦᠯᠦᠭᠡᠯᠡᠭᠴᠢᠳ ᠤᠨ ᠪᠦᠯᠬᠦᠮ ᠠᠷᠠᠳ ᠤᠨ ᠶᠡᠬᠡ ᠬᠣᠷᠠᠯ ᠤᠨ ᠲᠠᠩᠬᠢᠮ ᠳ᠋ᠦ ᠶᠡᠬᠡ ᠬᠣᠷᠠᠯ ᠤᠨ ᠢᠯᠡᠳᠭᠡᠯ ᠢ ᠦᠷᠬᠦᠯᠵᠢᠯᠡᠨ ᠶᠠᠷᠢᠯᠴᠠᠬᠣ ᠵᠢᠨ ᠬᠠᠮᠳᠣ᠂ ᠣᠯᠣᠰ ᠤᠨ ᠳᠣᠳᠣᠭᠠᠳᠣ ᠭᠠᠳᠠᠭᠠᠳᠣ ᠵᠢᠨ ᠵᠠᠭᠣᠴᠢᠯᠠᠭᠣᠷ ᠤᠨ ᠬᠢᠨ ᠳ᠋ᠦ ᠨᠡᠭᠡᠭᠡᠯᠳᠡ ᠬᠢᠪᠡ᠃

    ᠲᠦᠯᠦᠭᠡᠯᠡᠭᠴᠢᠳ ᠤᠨ ᠪᠦᠯᠭᠦᠮ ᠤᠨ ᠲᠠᠷᠤᠭ᠎ᠠ ᠯᠢ ᠵᠢᠢ ᠡᠾᠧᠩ ᠶᠠᠷᠢᠯᠴᠠᠭᠠ ᠳ᠋ᠤ ᠤᠷᠤᠯᠴᠠᠬᠤ ᠵᠢᠨ ᠬᠠᠮᠳᠤ ᠰᠣᠷᠪᠣᠯᠵᠢᠯᠠᠭᠴᠢᠳ ᠤᠨ ᠠᠰᠠᠭᠣᠯᠳᠠ ᠵᠢ ᠬᠠᠷᠢᠭᠣᠯᠪᠠ᠃ ᠲᠡᠳ᠋ ᠪᠦᠯᠭᠦᠮ ᠤᠨ ᠲᠠᠷᠤᠭ᠎ᠠ ᠪᠦ᠋ ᠰᠢᠶᠤᠤ ᠯᠢᠨ ᠨᠡᠭᠡᠭᠡᠯᠳᠡ ᠬᠢᠬᠦ ᠡᠳᠦᠷ ᠤᠨ ᠠᠵᠢᠯᠯᠠᠭ᠎ᠠ ᠵᠢ ᠡᠷᠬᠢᠯᠡᠵᠠᠢ᠃ ᠠᠰᠠᠭᠤᠯᠳᠠ ᠠᠰᠠᠭᠤᠬᠤ ᠡᠭᠡᠯᠵᠢ 17᠄00 ᠴᠠᠭ ᠲᠦ ᠡᠬᠢᠯᠡᠭᠦ ᠪᠠᠢᠢᠳᠠᠯ᠎ᠠ 14᠄00 ᠴᠠᠭ ᠡᠴᠡ ᠡᠮᠦᠨ᠎ᠠ ᠠᠷᠠᠳ ᠤᠨ ᠡᠳᠦᠷ ᠤᠨ ᠰᠣᠨᠢᠨ᠂ ᠰᠢᠨᠬᠣᠸᠠ ᠬᠣᠷᠢᠶ᠎ᠠ᠂ ᠲᠦᠪ ᠤᠨ ᠲᠧᠯᠧᠶ᠋ᠰ ᠬᠣᠷᠢᠶ ᠠ᠂ ᠲᠦᠪ ᠤᠨ ᠠᠷᠠᠳ ᠤᠨ ᠷᠠᠳ᠋ᠢᠣ᠋ ᠨᠡᠪᠳᠡᠷᠡᠭᠦᠯᠭᠡ ᠵᠢᠨ ᠬᠣᠷᠢᠶ᠎ᠠ᠂ ᠣᠷᠣᠰ ᠤᠨ ᠲᠠᠰᠰ ᠬᠣᠷᠢᠶ᠎ᠠ᠂ ᠰᠢᠶᠠᠩᠭ᠋ᠠᠩ ᠤᠨ ᠳ᠋ᠠᠭᠦᠢᠡᠭ ᠰᠣᠨᠢᠨ ᠵᠡᠷᠭᠡ ᠣᠯᠣᠰ ᠤᠨ ᠳᠣᠳᠣᠭᠠᠳᠣ ᠭᠠᠳᠠᠭᠠᠳᠣ ᠵᠢᠨ 36 ᠵᠠᠭᠣᠴᠢᠯᠠᠭᠣᠷ ᠤᠨ ᠰᠣᠷᠪᠣᠯᠵᠢᠯᠠᠭᠴᠢᠳ ᠦᠪᠦᠷ ᠮᠣᠩᠭᠣᠯ ᠤᠨ ᠲᠦᠯᠦᠭᠡᠯᠡᠭᠴᠢᠳ ᠤᠨ ᠪᠦᠯᠭᠦᠮ ᠤᠨ ᠶᠠᠷᠢᠯᠴᠠᠬᠤ ᠬᠤᠷᠠᠯ ᠤᠨ ᠲᠠᠯᠠᠪᠠᠢ ᠳᠤ ᠬᠦᠷᠦᠯᠴᠡᠨ ᠢᠷᠡᠵᠡᠭᠡᠪᠡ᠃ ᠦᠪᠤᠷ ᠮᠤᠡᠭᠭᠤᠯ ᠤᠨ ᠦᠷᠭᠡᠨ ᠠᠭᠤᠳᠠᠮ ᠰᠦᠷᠯᠢᠭ ᠦᠵᠡᠮᠵᠢᠳᠤ ᠪᠠᠢᠢᠭᠠᠯᠢ ᠵᠢᠨ ᠦᠩᠭᠡ ᠦᠵᠡᠮᠵᠢ᠂ ᠠᠮᠢᠵᠢᠷᠠᠯ ᠤᠨ ᠬᠦᠴᠦᠨ ᠪᠢᠯᠬᠠᠮ᠎ᠠ ᠡᠳᠦᠷ ᠡᠴᠡ ᠡᠳᠦᠷ ᠦᠭᠡᠳᠡᠯᠡᠵᠦ ᠪᠠᠢᠢᠭ᠎ᠠ ᠬᠦᠭ᠍ᠵᠢᠯᠳᠠ ᠶᠢᠨ ᠪᠠᠢᠢᠳᠠᠯ᠂ ᠦᠨᠳᠦᠰᠦᠳᠡᠨ ᠨᠣᠭᠦᠳ ᠤᠨ ᠠᠷᠠᠳ ᠲᠦᠮᠡᠨ ᠤ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠦ ᠪᠦᠯᠭᠦᠮᠳᠠᠨ ᠲᠡᠮᠡᠴᠡᠵᠦ ᠪᠠᠢᠢᠭ᠎ᠠ ᠦᠷᠨᠢᠩᠭᠦᠢ ᠪᠠᠢᠢᠳᠠᠯ ᠳᠡᠳᠡᠨ ᠤ ᠰᠣᠨᠢᠷᠬᠠᠯ ᠢ ᠳᠠᠳᠠᠵᠠᠢ᠃ ᠡᠭᠡ ᠤᠯᠤᠰ ᠤᠨ ᠣᠮᠠᠷᠠᠳᠣ ᠣᠷᠣᠨ ᠳ᠋ᠦ ᠪᠠᠢᠢᠷᠢᠯᠠᠵᠣ ᠪᠠᠢᠢᠭ᠎ᠠ ᠦᠵᠡᠰᠭᠦᠯᠠᠡᠭᠳᠤ ᠰᠠᠢᠢᠬᠠᠨ ᠦᠪᠤᠷ ᠮᠤᠡᠭᠭᠤᠯ ᠳᠡᠯᠡᠬᠡᠢ ᠨᠡᠶᠢᠲᠡ ᠶᠢᠨ ᠠᠩᠬᠠᠷᠤᠯ ᠢ ᠲᠠᠳᠠᠯ᠎ᠠ᠃ 17᠄00 ᠴᠠᠭ ᠲᠦ᠂ ᠲᠦᠯᠦᠭᠡᠯᠡᠭᠴᠢᠳ ᠤᠨ ᠬᠢᠨᠠᠨ ᠵᠦᠪᠯᠡᠬᠦ ᠶᠠᠷᠢᠯᠴᠠᠭ᠎ᠠ ᠳᠠᠭᠣᠰᠤᠮᠠᠭᠴᠠ ᠲᠤᠬᠠᠢ ᠶᠢᠨ ᠲᠠᠯᠠᠪᠠᠢ ᠶᠢᠨ ᠠᠰᠠᠭᠤᠯᠳᠠ ᠠᠰᠠᠭᠤᠬᠤ ᠭᠤᠬᠴᠤᠭ᠎ᠠ ᠳ᠋ᠤ ᠤᠷᠤᠵᠤ᠂ ᠣᠯᠣᠰ ᠤᠨ ᠳᠣᠳᠣᠭᠠᠳᠣ ᠭᠠᠳᠠᠭᠠᠳᠣ ᠶᠢᠨ ᠵᠠᠭᠣᠴᠢᠯᠠᠭᠣᠷ ᠤᠨ ᠰᠣᠷᠪᠣᠯᠵᠢᠯᠠᠭᠴᠢᠳ ᠢᠳᠡᠪᠬᠢᠳᠡᠢ ᠪᠡᠷ ᠭᠠᠷ ᠡᠷᠭᠦᠨ ᠪᠤᠯᠢᠶᠠᠯᠳᠤᠨ ᠠᠰᠠᠭᠣᠯᠳᠠ ᠠᠰᠠᠭᠣᠪᠠ᠃ ᠰᠣᠷᠪᠣᠯᠵᠢᠯᠠᠭᠴᠢᠳ ᠤᠨ ᠳᠣᠷᠠᠳᠣᠭᠰᠠᠨ ᠦᠪᠦᠷ ᠮᠤᠩᠭ᠋ᠤᠯ《ᠲᠠᠪᠤ ᠵᠢ ᠨᠢᠭᠡ ᠴᠤᠬᠴᠠᠵᠢᠭᠤᠯᠬᠤ》ᠶᠡᠷᠦᠩᠬᠡᠢ ᠪᠠᠢᠢᠷᠢᠰᠢᠭᠤᠯᠤᠯᠳᠠ᠂ 《ᠲᠦᠷᠪᠡᠨ ᠪᠦᠬᠦ ᠲᠠᠯ᠎ᠠ》 ᠶ᠋ᠢᠨ ᠪᠠᠢᠢᠯᠳᠤᠬᠤ ᠪᠤᠳᠤᠯᠭ᠎ᠠ ᠵᠢᠨ ᠪᠠᠢᠢᠷᠢᠰᠢᠭᠤᠯᠤᠯᠳᠠ ᠵᠢᠨ ᠡᠯ᠎ᠠ ᠵᠦᠢᠯ ᠤᠨ ᠠᠵᠢᠯ ᠢ ᠬᠡᠷᠬᠢᠨ ᠨᠢᠭᠡᠳᠦᠯᠳᠡᠢ ᠲᠦᠯᠦᠪᠵᠢᠭᠦᠯᠦᠨ ᠰᠠᠢᠢᠳᠤᠷ ᠠᠳᠬᠤᠵᠣ ᠪᠠᠢᠢᠬᠣ᠂ ᠦᠨᠳᠦᠰᠦᠳᠡᠨ ᠨᠣᠭᠦᠳ ᠤᠨ ᠠᠷᠠᠳ ᠲᠦᠮᠡᠨ ᠬᠠᠣᠯᠢᠵᠢᠯ ᠤᠨ ᠠᠰᠢᠭ ᠢ ᠬᠡᠷᠬᠢᠨ ᠡᠳ᠋ᠯᠡᠵᠦ ᠪᠠᠢᠢᠬᠣ᠂ ᠮᠠᠯ ᠠᠵᠤ ᠠᠬᠤᠢ ᠲᠠᠷᠢᠶ᠍᠋ᠠᠯᠠᠩ ᠤᠨ ᠬᠠᠩᠭ᠋ᠠᠯᠭ᠎ᠠ ᠵᠢᠨ ᠲᠠᠯ᠎ᠠ ᠵᠢᠨ ᠪᠦᠳᠦᠴᠡ ᠵᠢᠨ ᠴᠢᠨᠠᠷᠳᠠᠢ ᠦᠭᠡᠷᠡᠴᠢᠯᠡᠯᠳᠡ᠂ ᠭᠠᠳᠠᠭᠠᠳᠦ ᠨᠡᠭᠡᠭᠡᠯᠳᠡ ᠵᠢᠨ ᠠᠷᠭ᠎ᠠ ᠬᠡᠮᠵᠢᠶ᠎ᠠ ᠦᠷ᠎ᠠ ᠪᠦᠳᠦᠭᠡᠯ ᠢ ᠬᠡᠷᠬᠢᠨ ᠠᠬᠢᠭᠤᠯᠬᠤ᠂ ᠴᠦᠬᠡᠨ ᠳᠣᠭᠠᠳᠣ ᠦᠨᠳᠦᠰᠦᠳᠡᠨ ᠤ ᠭᠠᠵᠠᠷ ᠣᠷᠣᠨ ᠤ ᠬᠦᠭ᠍ᠵᠢᠯᠳᠡ ᠵᠢᠨ ᠠᠷᠭ᠎ᠠ ᠬᠡᠮᠵᠢᠶ᠎ᠠ ᠪᠤᠯᠤᠨ ᠦᠷ᠎ᠠ ᠪᠦᠳᠦᠮᠵᠢ ᠵᠢ ᠬᠡᠷᠬᠢᠨ ᠠᠬᠢᠭᠣᠯᠬᠣ ᠵᠡᠷᠭᠡ ᠠᠰᠠᠭᠣᠯᠳᠠ ᠳ᠋ᠦ ᠯᠢ ᠵᠢᠢ ᠡᠾᠧᠩ᠂ ᠯᠢ ᠵᠢᠶᠠ᠂ ᠳ᠋ᠤᠧᠠᠨ ᡁᠢ ᠴᠢᠶᠠᠩ᠂ ᠵᠠᠩ ᠵᠢᠶᠠᠨ ᠮᠢᠨ᠂ ᠸᠠᠩ ᠯᠢ ᠰᠢᠶᠠ ᠵᠡᠷᠭᠡ ᠲᠦᠯᠦᠭᠡᠯᠡᠭᠴᠢ ᠣᠷᠢᠳ ᠬᠣᠵᠢᠳ ᠬᠢᠨᠠᠮᠠᠭᠠᠢ ᠬᠠᠷᠢᠭᠣᠯᠳᠠ ᠦᠭᠴᠡᠢ᠃ ᠰᠣᠷᠪᠣᠯᠵᠢᠯᠠᠭᠴᠢᠳ ᠠᠰᠠᠭᠣᠯᠳᠠ ᠬᠠᠷᠢᠭᠣᠯᠳᠠ ᠵᠢᠨ ᠳᠣᠮᠳᠠ ᠡᠴᠡ ᠦᠪᠦᠷ ᠮᠣᠩᠭᠣᠯ ᠤᠨ ᠦᠯᠢᠭᠡᠷ ᠢ ᠡᠷᠢᠵᠤ᠂ ᠦᠪᠦᠷ ᠮᠣᠩᠭᠣᠯ ᠤᠨ ᠢᠷᠠᠭᠤ ᠳᠠᠭᠣᠨ ᠢ ᠰᠣᠨᠣᠰᠪᠠ᠃

    ᠣᠯᠣᠰ ᠤᠨ ᠳᠣᠳᠣᠭᠠᠳᠣ ᠭᠠᠳᠠᠭᠠᠳᠦ ᠵᠢᠨ ᠰᠤᠷᠪᠤᠯᠵᠢᠯᠠᠬᠴᠢᠳ ᠦᠪᠦᠷ ᠮᠤᠩᠭ᠋ᠤᠯ ᠤᠨ ᠦᠨᠳᠦᠰᠦᠳᠡᠨ ᠨᠤᠬᠦᠳ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠤ᠂ ᠴᠤᠴᠠᠯᠳᠠ ᠦᠭᠡᠢ ᠤᠷᠤᠬᠰᠢᠯᠠᠨ᠂ ᠴᠢᠨᠡᠭᠡᠯᠢᠭ᠌ ᠨᠡᠢᠢᠭᠡᠮ ᠢ ᠪᠦᠬᠦ ᠲᠠᠯ᠎ᠠ ᠪᠡᠷ ᠪᠡᠶᠡᠯᠡᠭᠦᠯᠭᠦ ᠰᠢᠢᠳᠪᠦᠷᠢᠳᠦ ᠢᠯᠡᠯᠳᠠ ᠶᠢ ᠤᠯᠬᠤ ᠪᠠ ᠡᠭᠡ ᠤᠯᠤᠰ ᠤᠨ ᠤᠮᠠᠷᠠᠳᠦ ᠵᠢᠨ ᠦᠵᠡᠰᠭᠦᠯᠡᠩᠳᠦ ᠰᠠᠢᠢᠬᠠᠨ ᠦᠵᠡᠮᠵᠢ ᠶᠢᠨ ᠤᠷᠤᠨ ᠤ ᠪᠦᠳᠦᠬᠡᠨ ᠪᠠᠢᠢᠭᠤᠯᠬᠤ ᠡᠷᠡᠰ ᠵᠤᠷᠢᠭ ᠪᠤᠯᠤᠨ ᠢᠳᠡᠭᠡᠯ ᠵᠤᠷᠢᠭ ᠢ ᠨᠢ ᠰᠡᠳᠬᠢᠯ ᠢᠶᠡᠷ ᠢᠶᠡᠨ ᠮᠡᠳᠡᠷᠡᠪᠡ᠃ ᠲᠤᠬᠠᠢ ᠵᠢᠨ ᠲᠠᠯᠠᠪᠤᠷ ᠤᠨ ᠠᠰᠠᠭᠤᠯᠳᠠ ᠠᠰᠠᠭᠤᠬᠤ ᠭᠤᠬᠴᠤᠭ᠎ᠠ ᠲᠠᠭᠤᠰᠬᠤ ᠦᠶ᠎ᠠ ᠳᠤ ᠪᠦ᠋ ᠰᠢᠶᠤᠤ ᠯᠢᠨ ᠦᠪᠤᠷ ᠮᠤᠡᠭᠭᠤᠯ ᠤᠨ ᠲᠦᠯᠦᠭᠡᠯᠡᠭᠴᠢᠳ ᠤᠨ ᠪᠦᠯᠭᠦᠮ ᠢ ᠲᠦᠯᠦᠭᠡᠯᠡᠵᠦ ᠣᠯᠣᠰ ᠤᠨ ᠳᠣᠳᠣᠭᠠᠳᠣ ᠭᠠᠳᠠᠭᠠᠳᠤ ᠵᠢᠨ ᠵᠠᠭᠤᠴᠢᠯᠠᠭᠤᠷ ᠤᠨ ᠬᠢᠨ ᠳᠤ ᠦᠪᠤᠷ ᠮᠤᠡᠭᠭᠤᠯ ᠢ ᠬᠠᠯᠠᠮᠵᠢᠯᠠᠵᠦ᠂ ᠠᠡᠭᠬᠠᠷᠴᠤ᠂ ᠲᠡᠮᠵᠢᠵᠦ ᠪᠠᠢᠢᠬᠤ ᠳᠤ ᠲᠠᠯᠠᠷᠠᠬᠵᠦ᠂ ᠣᠯᠣᠰ ᠤᠨ ᠳᠣᠳᠣᠭᠠᠳᠣ ᠭᠠᠳᠠᠭᠠᠳᠤ ᠵᠢᠨ ᠵᠠᠭᠤᠴᠢᠯᠠᠭᠤᠷ ᠤᠨ ᠰᠤᠷᠪᠤᠯᠵᠢᠯᠠᠬᠴᠢᠳ ᠤᠨ ᠦᠪᠤᠷ ᠮᠤᠡᠭᠭᠤᠯ ᠤᠨ ᠲᠠᠯ᠎ᠠ ᠨᠤᠳᠤᠭ ᠲᠦ ᠠᠢᠢᠯᠴᠢᠯᠠᠨ ᠰᠤᠷᠪᠤᠯᠵᠢᠯᠠᠬᠤ ᠵᠢ ᠬᠠᠯᠠᠭᠤᠨ ᠢᠶᠡᠷ ᠤᠬᠳᠤᠵᠦ ᠪᠠᠢᠢᠬᠤ ᠪᠠᠨ ᠢᠯᠡᠷᠬᠡᠢᠢᠯᠡᠪᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121830845