蒙古文网站Logo
ᠰᠢᠨᠬᠤᠸᠠ ᠮᠤᠩᠭ᠋ᠤᠯ ᠨᠧᠲ

ᠦᠪᠦᠷ ᠮᠤᠩ᠋ᠭᠤᠯ ᠤᠨ ᠲᠦᠯᠦᠭᠡᠯᠡᠭᠴᠢᠳ ᠤᠨ ᠪᠦᠯᠬᠦᠮ ᠦᠷᠬᠦᠯᠵᠢᠯᠡᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠢ ᠶᠠᠷᠢᠯᠴᠠᠪᠠ

2017-10-20 20:16

    ᠯᠢ ᠵᠢᠢ ᠾᠧᠩ ᠪᠦ᠋ ᠰᠢᠶᠤᠤ ᠯᠢᠨ ᠶᠠᠷᠢᠯᠴᠠᠬᠤ ᠬᠤᠷᠠᠯ ᠳᠤ ᠤᠷᠤᠯᠴᠠᠵᠠᠢ

    10 ᠰᠠᠷ᠎ᠠ ᠶᠢᠨ 19 ᠤ ᠦᠳᠡ ᠡᠴᠡ ᠡᠮᠦᠨ᠎ᠠ᠂ ᠳᠣᠮᠳᠠᠳᠣ ᠣᠯᠣᠰ ᠤᠨ ᠡᠪ ᠬᠠᠮᠳᠣ ᠨᠠᠮ ᠤᠨ ᠠᠷᠪᠠ ᠶᠢᠰᠦᠳᠦᠭᠡᠷ ᠣᠳᠠᠭ᠎ᠠ ᠶᠢᠨ ᠪᠦᠬᠦ ᠣᠯᠣᠰ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠤᠷᠤᠯᠴᠠᠵᠣ ᠪᠠᠶᠢᠭ᠎ᠠ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠪᠦᠬᠦᠳᠡ ᠬᠤᠷᠠᠯ ᠬᠢᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢ ᠲᠦᠯᠦᠭᠡᠯᠡᠨ ᠬᠢᠭ᠍ᠰᠡᠨ ᠢᠯᠡᠳᠭᠡᠯ ᠢ ᠦᠷᠭᠦᠯᠵᠢᠯᠡᠨ ᠶᠠᠷᠢᠯᠴᠠᠪᠠ᠃

    ᠲᠦᠯᠦᠭᠡᠯᠡᠭᠴᠢᠳ ᠤᠨ ᠪᠦᠯᠬᠦᠮ ᠤᠨ ᠲᠠᠷᠤᠭ᠎ᠠ ᠯᠢ ᠵᠢᠢ ᠾᠧᠩ᠂ ᠲᠡᠳ᠋ ᠪᠦᠯᠬᠦᠮ ᠤᠨ ᠲᠠᠷᠤᠭ᠎ᠠ ᠪᠦ᠋ ᠰᠢᠶᠤᠤ ᠯᠢᠨ ᠶᠠᠷᠢᠯᠴᠠᠬᠤ ᠬᠤᠷᠠᠯ ᠳᠤ ᠤᠷᠤᠯᠴᠠᠵᠤ᠂ ᠲᠦᠯᠦᠭᠡᠯᠡᠭᠴᠢᠳ ᠤᠨ ᠪᠦᠯᠬᠦᠮ ᠤᠨ ᠨᠠᠷᠢᠨ ᠪᠢᠴᠢᠭ᠌ ᠤᠨ ᠲᠠᠷᠤᠭ᠎ᠠ ᠯᠢ ᠵᠢᠶᠠ ᠬᠤᠷᠠᠯ ᠡᠷᠬᠢᠯᠡᠪᠡ᠃ ᠬᠤᠷᠠᠯ ᠲᠡᠭᠡᠷ᠎ᠡ᠂ ᠯᠢ ᠵᠢᠶᠠ᠂ ᠸᠠᠩ ᠯᠢ ᠰᠢᠶᠠ᠂ ᠽᠸᠩ ᠢ ᠴᠦᠨ᠂ ᠶᠦᠨ ᠭᠤᠸᠠᠩ ᠵᠦᠩ᠂ ᠬᠠᠨ ᠵᠢᠶᠠ ᠲᠦᠩ᠂ ᠳ᠋ᠤᠸᠠᠨ ᡁᠢ ᠴᠢᠶᠠᠩ᠂ ᠸᠠᠩ ᠰᠢᠦ ᡁᠢ᠂ ᠯᠦᠧᠧ ᠬᠤ ᠽᠠᠢ᠂ ᠰᠡᠷᠭᠦᠯᠡᠩ᠂ ᠳ᠋ᠦ᠋ ᠰᠢᠤᠸᠠᠢ ᠵᠢᠶᠦ᠋ᠨ᠂ ᠵᠠᠩ ᠭᠧᠨ ᠵᠢᠦ᠂ ᠨᠢᠦ ᠵᠢᠶᠦ᠋ᠨ ᠶᠠᠨ᠂ ᠴᠠᠩ ᡁᠢ ᠭᠠᠩ ᠵᠡᠷᠭᠡ ᠲᠦᠯᠦᠭᠡᠯᠡᠭᠴᠢ ᠤᠷᠢᠳ ᠬᠤᠵᠢᠳ ᠦᠭᠡ ᠬᠡᠯᠡᠵᠤ᠂ ᠦᠪᠦᠷ ᠮᠤᠩᠭ᠋ᠤᠯ ᠪᠠ ᠦᠪᠡᠷ ᠦᠪᠡᠷ ᠤᠨ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠤᠨ ᠢᠯᠡᠳᠭᠡᠯ ᠢ ᠰᠤᠨᠤᠰᠴᠣ ᠰᠣᠷᠣᠯᠴᠠᠭᠰᠠᠨ ᠤᠯᠤᠯᠳᠠ ᠲᠦᠷᠦᠭᠳᠡᠯ ᠢᠶᠠᠨ ᠠᠭᠤᠵᠢᠷᠠᠳᠠᠯ᠎ᠠ ᠶᠠᠷᠢᠯᠴᠠᠵᠤ᠂ ᠢᠯᠡᠳᠭᠡᠯ ᠢ ᠪᠦᠷᠢᠮᠦᠰᠦᠨ ᠵᠦᠪᠰᠢᠶᠡᠷᠡᠵᠤ ᠬᠦᠷᠢᠶᠡᠯᠡᠨ᠎ᠠ ᠬᠡᠵᠤ ᠢᠯᠡᠷᠬᠡᠶᠢᠯᠡᠵᠡᠭᠡᠪᠡ᠃

    ᠲᠦᠯᠦᠭᠡᠯᠡᠭᠴᠢᠳ᠂ ᠢᠯᠡᠳᠭᠡᠯ ᠨᠢ ᠲᠤᠭ ᠢ ᠮᠠᠨᠳᠤᠭᠤᠯᠣᠨ ᠴᠢᠭᠯᠡᠯ ᠢ ᠳᠣᠭᠳᠠᠭᠠᠵᠣ᠂ ᠦᠨᠳᠦᠷ ᠲᠤ ᠵᠤᠬᠰᠤᠨ ᠠᠯᠤᠰ ᠢ ᠪᠠᠷᠠᠯᠠᠵᠤ᠂ ᠦᠵᠡᠯ ᠰᠠᠨᠠᠭ᠎ᠠ ᠬᠦᠨ ᠬᠦᠨᠵᠡᠭᠡᠢ᠂ ᠰᠦᠷ ᠲᠠᠯᠠᠶᠢᠴᠢᠳᠠᠢ ᠪᠣᠯᠵᠣ᠂ ᠡᠬᠢᠨ ᠠᠴᠠ ᠪᠠᠨ ᠳᠠᠭᠤᠰᠳᠠᠯ᠎ᠠ ᠮᠠᠷᠺᠰ ᠤᠨ ᠦᠵᠡᠯ ᠤᠨ ᠦᠨᠡᠨ ᠶᠤᠰᠤᠨ ᠤ ᠬᠦᠴᠦᠨ ᠴᠢᠳᠠᠯ ᠳᠣᠣᠱᠯᠠᠭᠳᠠᠵᠣ᠂ ᠰᠢ ᠵᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠤᠶᠤᠨ ᠤᠬᠠᠭᠠᠨ ᠤ ᠬᠡᠷᠡᠯ ᠬᠢᠯᠪᠠᠭ᠎ᠠ ᠰᠠᠴᠤᠷᠠᠵᠤ᠂ ᠲᠤᠮᠳᠠᠳᠤ ᠤᠯᠤᠰ ᠤᠨ ᠡᠪ ᠬᠠᠮᠳᠤᠴᠤᠳ ᠤᠨ ᠤᠭ ᠰᠠᠨᠠᠭ᠎ᠠ ᠪᠠᠨ ᠦᠯᠦ ᠮᠠᠷᠳᠠᠨ᠂ ᠲᠡᠤᠭᠡᠳᠦ ᠡᠭᠦᠷᠭᠡ ᠪᠠᠨ ᠪᠠᠳᠤ ᠴᠡᠭᠡᠵᠢᠯᠡᠭᠦ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠤ᠂ 《ᠬᠤᠶᠠᠷ ᠨᠢᠭᠡ ᠵᠠᠭᠤᠨ ᠵᠢᠯ》 ᠤᠨ ᠲᠡᠮᠡᠴᠡᠭᠦ ᠬᠠᠷᠠᠯᠳᠠ ᠶᠢ ᠪᠡᠶᠡᠯᠡᠭᠦᠯᠭᠦ ᠠᠤᠭ᠎ᠠ ᠬᠦᠰᠡᠯ ᠬᠦᠭᠡᠭᠡᠴᠡᠯᠳᠦᠯ ᠣᠷᠬᠢᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠨᠠᠮ᠂ ᠤᠯᠤᠰ ᠪᠠ ᠲᠤᠮᠳᠠᠳᠤ ᠶᠢᠨ ᠦᠨᠳᠦᠰᠦᠳᠡᠨ ᠤ ᠲᠡᠤᠬᠡᠨ ᠠᠬᠢᠴᠠ ᠳᠣᠮᠳᠠᠬᠢ ᠬᠦᠰᠢᠶ᠎ᠠ ᠲᠤᠷᠠᠰᠬᠠᠯ ᠤᠨ ᠠᠴᠢ ᠬᠤᠯᠪᠣᠭᠳᠠᠯ ᠲᠠᠢ ᠪᠠᠶᠢᠷᠢ ᠰᠠᠭᠤᠷᠢ ᠪᠤᠯᠤᠨ ᠴᠠᠭ ᠦᠶ᠎ᠠ ᠶᠢ ᠵᠠᠭᠠᠬᠯᠠᠬᠰᠠᠨ ᠠᠴᠢ ᠬᠤᠯᠪᠤᠬᠳᠠᠯ ᠢ ᠬᠠᠷᠠᠭᠤᠯᠪᠠ ᠭᠡᠵᠦ ᠦᠵᠡᠪᠡ᠃

    ᠲᠡᠤᠭᠡᠳᠦ ᠡᠭᠦᠷᠭᠡ ᠬᠠᠷᠢᠭᠤᠴᠠᠯᠭ᠎ᠠ ᠡᠭᠦᠷᠭᠡᠯᠡᠯ ᠢ ᠣᠷᠢᠶᠠᠯᠠᠵᠣ᠂ ᠲᠡᠤᠭᠡᠳᠦ ᠡᠭᠦᠷᠭᠡ ᠢᠷᠡᠭᠡᠳᠦᠢ ᠶᠢ ᠬᠦᠳᠦᠯᠦᠨ ᠲᠠᠭᠠᠭᠤᠯᠤᠨ᠎ᠠ᠃

    ᠲᠦᠯᠦᠭᠡᠯᠡᠭᠴᠢᠳ᠂ ᠰᠢ ᠶᠢᠨ ᠫᠢᠩ ᠨᠦᠬᠦᠷ ᠢᠶᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ 《ᠲᠦᠷᠪᠠᠨ ᠤᠬᠠᠮᠰᠠᠷ》 ᠢ᠋ᠶᠡᠨ ᠴᠢᠨᠠᠬᠰᠢᠳᠠ ᠪᠠᠳᠤ ᠪᠠᠬᠢ ᠪᠤᠢ ᠪᠤᠯᠭᠠᠨ᠂ 《ᠲᠦᠷᠪᠡᠨ ᠢᠳᠡᠭᠡᠯ》  ᠢ᠋ᠶᠡᠨ ᠪᠠᠳᠤᠳᠬᠠᠵᠤ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠶᠢᠨ ᠲᠤᠮᠳᠠᠳᠤ ᠶᠢᠨ ᠵᠡᠭᠦᠳᠦ ᠶᠢᠨ《ᠦᠪᠦᠷ ᠮᠤᠩ᠋ᠭᠤᠯ ᠤᠨ ᠬᠠᠭᠤᠳᠠᠰᠦ》 ᠶ᠋ᠢ ᠰᠠᠶᠢᠳᠤᠷ ᠪᠢᠴᠢᠭᠯᠡᠵᠤ᠂ 《ᠦᠵᠡᠰᠭᠦᠯᠡᠩᠳᠦ ᠦᠪᠦᠷ ᠮᠤᠩ᠋ᠭᠤᠯ ᠢᠶᠡᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ》 ᠳ᠋ᠤ ᠨᠡᠩ ᠶᠡᠭᠡ ᠰᠢᠨ᠎ᠠ ᠬᠤᠪᠢ ᠨᠡᠮᠡᠷᠢ ᠦᠵᠡᠭᠦᠯᠦᠨ᠎ᠠ ᠬᠡᠵᠤ ᠢᠯᠡᠷᠬᠡᠶᠢᠯᠡᠵᠡᠭᠡᠪᠡ᠃

ᠢᠷᠡᠯᠳᠡ᠄ ᠥᠪᠦᠷ ᠮᠣᠩ᠋ᠭᠤᠯ ᠤᠨ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121832766