蒙古文网站Logo
ᠰᠢᠨᠬᠤᠸᠠ ᠮᠤᠩᠭ᠋ᠤᠯ ᠨᠧᠲ

ᠦᠪᠦᠷ ᠮᠣᠩ᠋ᠭᠤᠯ ᠤᠨ ᠲᠦᠯᠦᠭᠡᠯᠡᠭᠴᠢᠳ ᠤᠨ ᠪᠦᠯᠬᠦᠮ 《ᠡᠷᠡᠮᠡᠬᠡᠶᠢᠯᠡᠨ ᠳᠠᠪᠰᠢᠭᠰᠠᠨ ᠳᠠᠪᠣᠨ ᠵᠢᠯ》 ᠳᠣᠮᠣ ᠬᠡᠯᠪᠡᠷᠢ ᠶᠢᠨ ᠠᠮᠵᠢᠯᠳᠠ ᠪᠦᠳᠦᠮᠵᠢ ᠶᠢᠨ ᠦᠵᠡᠰᠭᠦᠯᠡᠩ ᠢ ᠬᠠᠮᠳᠣ ᠪᠠᠷ ᠳᠣᠭᠤᠷᠢᠨ ᠦᠵᠡᠪᠡ

2017-10-20 20:05

    ᠳᠤᠮᠳᠠᠳᠤ ᠣᠯᠣᠰ ᠤᠨ ᠡᠪ ᠬᠠᠮᠳᠣ ᠨᠠᠮ ᠤᠨ ᠠᠷᠪᠠ ᠶᠢᠰᠦᠳᠦᠭᠡᠷ ᠣᠳᠠᠭ᠎ᠠ ᠶᠢᠨ ᠪᠦᠬᠦ ᠣᠯᠣᠰ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠣᠷᠣᠯᠴᠠᠵᠣ ᠪᠠᠶᠢᠭ᠎ᠠ ᠦᠪᠦᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠪᠡᠭᠡᠵᠢᠩ ᠤᠨ ᠦᠵᠡᠰᠭᠦᠯᠡᠩ ᠤᠨ ᠣᠷᠳᠣᠨ ᠳᠤ ᠬᠦᠷᠴᠦ᠂ 《ᠡᠷᠡᠮᠡᠬᠡᠶᠢᠯᠡᠨ ᠳᠠᠪᠰᠢᠭᠰᠠᠨ ᠳᠠᠪᠣᠨ ᠵᠢᠯ》ᠳᠣᠮᠣ ᠬᠡᠯᠪᠡᠷᠢ ᠶᠢᠨ ᠠᠮᠵᠢᠯᠳᠠ ᠪᠦᠳᠦᠮᠵᠢ ᠶᠢᠨ ᠦᠵᠡᠰᠭᠦᠯᠡᠩ ᠢ ᠬᠠᠮᠳᠣ ᠪᠠᠷ ᠳᠣᠭᠤᠷᠢᠨ ᠦᠵᠡᠪᠡ᠃

    ᠦᠵᠡᠰᠭᠦᠯᠡᠩ ᠨᠢ ᠰᠦᠷ ᠳᠠᠯᠠᠶᠢᠴᠠᠳᠠᠢ ᠮᠦᠷᠳᠡᠭᠡᠨ ᠠᠭᠤᠯᠭ᠎ᠠ ᠪᠠᠶᠠᠯᠢᠭ᠃ ᠲᠦᠯᠦᠭᠡᠯᠡᠭᠴᠢᠳ ᠭᠡᠷᠡᠯ ᠵᠢᠷᠤᠭ᠂ ᠦᠰᠦᠭ ᠪᠢᠴᠢᠭ᠌᠂ ᠸᠢᠳᠢᠣ᠋᠂ ᠪᠣᠳᠠᠳᠣ ᠪᠣᠳᠠᠰ᠂ ᠵᠠᠭᠪᠣᠷ᠂ ᠬᠤᠷᠰᠢᠯᠴᠠᠭ᠎ᠠ ᠵᠡᠷᠭᠡ ᠣᠯᠠᠨ ᠵᠦᠢᠯ ᠤᠨ ᠬᠡᠯᠪᠡᠷᠢ ᠪᠠᠷ᠂ ᠮᠠᠨ ᠤ ᠣᠯᠣᠰ ᠤᠨ ᠣᠯᠣᠭᠰᠠᠨ ᠭᠡᠷᠡᠯ ᠰᠠᠴᠣᠷᠠᠩ᠋ᠭᠤᠢ ᠠᠮᠵᠢᠯᠳᠠ ᠶᠢ ᠣᠬᠠᠨ ᠮᠡᠳᠡᠵᠦ᠂ ᠬᠠᠮᠳᠣ ᠶᠢᠨ ᠳᠠᠨᠢᠯᠳᠠ ᠲᠠᠢ ᠪᠣᠯᠪᠠ᠃

    ᠲᠦᠯᠦᠭᠡᠯᠡᠭᠴᠢᠳ᠂ ᠳᠣᠮᠣ ᠬᠡᠯᠪᠡᠷᠢ ᠶᠢᠨ ᠠᠮᠵᠢᠯᠳᠠ ᠪᠦᠳᠦᠮᠵᠢ ᠶᠢᠨ ᠦᠵᠡᠰᠭᠦᠯᠡᠩ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠣᠷᠢᠭ ᠰᠠᠨᠠᠭ᠎ᠠ ᠪᠣᠯᠣᠨ ᠨᠠᠮ ᠤᠨ ᠲᠦᠪ ᠬᠤᠷᠢᠶ᠎ᠠ ᠶᠢᠨ ᠲᠦᠷᠦ ᠶᠢ ᠵᠠᠰᠠᠵᠣ ᠵᠠᠰᠠᠭ ᠢ ᠡᠷᠬᠢᠯᠡᠬᠦ ᠰᠢᠨ᠎ᠡ ᠣᠢᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠣᠬᠤ ᠪᠣᠳᠣᠯᠭ᠎ᠠ ᠪᠠᠷ ᠭᠤᠣᠯ ᠰᠢᠵᠢᠮ ᠪᠣᠯᠭᠠᠵᠣ᠂ ᠨᠠᠮ ᠤᠨ ᠠᠷᠪᠠᠨ ᠨᠠᠶ᠋ᠮᠠᠳᠣᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠡᠷ ᠭᠤᠣᠯ ᠪᠣᠯᠭᠠᠭᠰᠠᠨ ᠨᠠᠮ ᠤᠨ ᠲᠦᠪ ᠬᠤᠷᠢᠶ᠎ᠠ ᠪᠦᠬᠦ ᠨᠠᠮ ᠪᠦᠬᠦ ᠴᠡᠷᠢᠭ ᠪᠦᠬᠦ ᠣᠯᠣᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠣ᠂ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠢ ᠪᠠᠷᠢᠮᠳᠠᠯᠠᠨ ᠬᠦᠭ᠍ᠵᠢᠭᠦᠯᠵᠦ᠂ 《ᠳᠠᠪᠤ ᠶᠢ ᠨᠢᠭᠡ ᠴᠣᠭᠴᠠᠵᠢᠭᠤᠯᠬᠤ》ᠶᠡᠷᠦᠩᠬᠡᠢ ᠪᠠᠶᠢᠷᠢᠰᠢᠭᠤᠯᠣᠯᠳᠠ ᠶᠢ ᠨᠢᠭᠡᠳᠦᠯᠳᠠᠢ ᠲᠦᠯᠦᠪᠯᠡᠨ ᠠᠬᠢᠭᠤᠯᠵᠤ᠂ 《ᠲᠦᠷᠪᠡᠨ ᠪᠦᠬᠦ ᠲᠠᠯ᠎ᠠ》 ᠶ᠋ᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠣᠨ ᠠᠬᠢᠭᠤᠯᠵᠤ᠂ ᠦᠭᠡᠷᠡᠴᠢᠯᠡᠯᠳᠡ ᠨᠡᠭᠡᠭᠡᠯᠳᠡ ᠪᠠ ᠨᠡᠶᠢᠭᠡᠮ ᠵᠢᠷᠦᠮ ᠤᠨ ᠤᠳᠤᠬᠢᠴᠢᠯᠠᠬᠤ ᠪᠦᠳᠦᠭᠡᠨ ᠪᠠᠶᠢᠭᠤᠯᠤᠯᠳᠠ ᠶᠢᠨ ᠤᠯᠤᠬᠰᠠᠨ ᠰᠢᠨ᠎ᠠ ᠴᠢᠬᠤᠯᠠ ᠠᠮᠵᠢᠯᠳᠡ ᠶᠢ ᠣᠬᠠᠭᠤᠯᠣᠨ ᠳᠡᠯᠭᠡᠨ ᠦᠵᠡᠭᠦᠯᠵᠦ᠂ ᠮᠠᠨ ᠤ ᠨᠠᠮ ᠤᠨ ᠲᠦᠷᠦ ᠶᠢ ᠵᠠᠰᠠᠵᠤ ᠵᠠᠰᠠᠭ ᠢ ᠡᠷᠬᠢᠯᠡᠭᠦ ᠤᠢ ᠪᠢᠯᠢᠭ᠌ ᠪᠤᠯᠤᠨ ᠭᠠᠷᠮᠠᠭᠠᠢ ᠴᠢᠳᠠᠪᠤᠷᠢ ᠶᠢ ᠤᠬᠠᠭᠤᠯᠤᠨ ᠲᠡᠯᠭᠡᠨ ᠦᠵᠡᠭᠦᠯᠵᠤ᠂ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠤᠨ ᠰᠢᠨ᠎ᠠ ᠬᠤᠪᠢᠷᠠᠯᠳᠠ ᠪᠠ ᠦᠨᠡᠨ ᠪᠤᠳᠠᠳᠠᠢ ᠬᠦᠷᠳᠡᠮᠵᠢ ᠶᠢᠨ ᠲᠦᠷᠦᠭᠳᠡᠯ ᠵᠤᠯ ᠵᠢᠷᠭᠠᠯᠳᠦ ᠰᠡᠳᠬᠢᠯᠭᠡ ᠶᠢ ᠤᠬᠠᠭᠤᠯᠤᠨ ᠲᠡᠯᠭᠡᠨ ᠦᠵᠡᠭᠦᠯᠵᠤ᠂ ᠦᠷᠭᠡᠨ ᠤᠯᠠᠨ ᠺᠠᠳ᠋ᠷ ᠤᠯᠠᠨ ᠲᠦᠮᠡᠨ ᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠡ ᠲᠠᠢ ᠬᠤᠷᠠᠯᠳᠤᠬᠤ ᠶᠢ ᠪᠠᠶᠠᠷᠯᠠᠨ ᠤᠬᠳᠤᠵᠤ ᠪᠠᠶᠢᠭ᠎ᠠ ᠰᠠᠶᠢᠨ ᠰᠠᠶᠢᠬᠠᠨ ᠤᠶᠤᠨ ᠰᠠᠨᠠᠭᠠᠨ ᠤ ᠲᠦᠷᠰᠦ ᠪᠠᠶᠢᠳᠠᠯ ᠢ ᠤᠬᠠᠭᠤᠯᠤᠨ ᠲᠡᠯᠭᠡᠨ ᠦᠵᠡᠬᠦᠯᠵᠠᠢ ᠭᠡᠵᠦ ᠦᠵᠡᠵᠡᠭᠡᠪᠡ᠃

    ᠲᠦᠯᠦᠭᠡᠯᠡᠭᠴᠢᠳ᠂ ᠡᠨᠡ ᠣᠳᠠᠭ᠎ᠠ ᠲᠤᠭᠤᠷᠢᠨ ᠦᠵᠡᠭᠦ ᠪᠠᠷ ᠲᠠᠮᠵᠢᠨ᠂ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠰᠢᠬᠢ ᠨᠠᠮ ᠪᠤᠯᠤᠨ ᠤᠯᠤᠰ ᠤᠨ ᠦᠢᠯᠡᠰ ᠤᠨ ᠤᠯᠤᠬᠰᠠᠨ ᠯᠤᠳᠤ ᠶᠡᠭᠡ ᠲᠠᠪᠰᠢᠯᠳᠠ ᠪᠤᠯᠤᠨ ᠬᠡᠷᠡᠯ ᠰᠠᠴᠤᠷᠠᠩᠭ᠋ᠤᠢ ᠠᠮᠵᠢᠯᠳᠡ ᠶᠢ ᠪᠦᠬᠦ ᠲᠠᠯ᠎ᠠ ᠪᠠᠷ ᠬᠦᠨᠵᠡᠭᠡᠢ ᠤᠢᠢᠯᠠᠭᠠᠵᠤ᠂ ᠰᠢ ᠶᠢᠨ ᠫᠢᠩ ᠨᠦᠬᠦᠷ ᠢᠶᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠶᠢᠨ ᠲᠤᠮᠳᠠᠳᠤ ᠶᠢᠨ ᠵᠡᠭᠦᠳᠦ ᠯᠠᠪᠳᠠᠢ ᠡᠷᠳᠡ ᠡᠳᠦᠷ ᠲᠡᠷᠬᠡᠯᠰᠢᠭᠦ ᠶᠢ ᠪᠠᠳᠤ ᠢᠳᠡᠭᠡᠵᠤ ᠪᠠᠶᠢᠨ᠎ᠠ ᠭᠡᠵᠦ ᠦᠵᠡᠵᠡᠭᠡᠪᠡ᠃

    ᠤᠯᠠᠨ ᠢᠶᠡᠷ ᠢᠶᠡᠨ᠂ ᠬᠤᠶᠢᠰᠢᠳᠡ ᠠᠵᠢᠯ ᠤᠨ ᠲᠤᠮᠳᠠ ᠪᠠᠨ ᠦᠷᠭᠦᠯᠵᠢᠯᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠪᠠ ᠲᠦᠷᠦ ᠶᠢ ᠵᠠᠰᠠᠵᠤ ᠵᠠᠰᠠᠭ ᠢ ᠡᠷᠬᠢᠯᠡᠭᠦ ᠰᠢᠨ᠎ᠠ ᠤᠢᠢᠯᠠᠭᠠᠬᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠪᠦᠷ ᠮᠤᠩᠭ᠋ᠤᠯ ᠤᠨ ᠦᠭᠡᠷᠡᠴᠢᠯᠡᠯᠳᠡ ᠬᠦᠭ᠍ᠵᠢᠯᠳᠡ ᠶᠢᠨ ᠦᠢᠯᠡᠳᠦᠯᠭᠡ ᠶᠢ ᠵᠢᠯᠤᠭᠤᠳᠤᠭᠤᠯᠵᠤ᠂ ᠤᠭ ᠰᠠᠨᠠᠭ᠎ᠠ ᠪᠠᠨ ᠦᠯᠦ ᠮᠠᠷᠳᠠᠨ᠂ ᠡᠷᠡᠮᠡᠬᠡᠶᠢᠯᠡᠨ ᠲᠠᠪᠰᠢᠵᠤ᠂ ᠦᠪᠦᠷ ᠮᠤᠩᠭ᠋ᠤᠯ ᠤᠨ ᠡᠯ᠎ᠠ ᠵᠥᠢᠯ ᠤᠨ ᠠᠵᠢᠯ ᠡᠭᠦᠷᠭᠡ ᠶᠢ ᠲᠡᠭᠦᠰ ᠠᠮᠵᠢᠯᠳᠡ ᠲᠠᠢ ᠪᠡᠶᠡᠯᠡᠭᠦᠯᠦᠨ᠂ ᠡᠭᠡ ᠤᠯᠤᠰ ᠤᠨ ᠤᠮᠠᠷᠠᠳᠦ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠴᠤᠬᠴᠠᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠠ ᠬᠡᠵᠤ ᠢᠯᠡᠷᠬᠡᠶᠢᠯᠡᠵᠡᠭᠡᠪᠡ᠃

ᠢᠷᠡᠯᠳᠡ᠄ ᠥᠪᠦᠷ ᠮᠣᠩ᠋ᠭᠤᠯ ᠤᠨ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121832772