蒙古文网站Logo
ᠰᠢᠨᠬᠤᠸᠠ ᠮᠤᠩᠭ᠋ᠤᠯ ᠨᠧᠲ

ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ ᠰᠢᠨ᠎ᠠ ᠴᠠᠭ ᠦᠶ᠎ᠠ ᠶᠢᠨ 《ᠵᠢᠱᠢᠶᠡᠴᠢ ᠦᠪᠡᠷᠳᠡᠭᠡᠨ ᠵᠠᠰᠠᠬᠤ ᠤᠷᠤᠨ》 ᠪᠤᠯᠬᠤ ᠪᠠᠷ ᠴᠢᠷᠮᠠᠶᠢᠬᠤ ᠬᠡᠷᠡᠭᠳᠡᠢ

2017-10-21 13:34

    10 ᠰᠠᠷ᠎ᠠ ᠶᠢᠨ 18 ᠤ ᠦᠳᠡ ᠶᠢᠨ ᠬᠤᠶᠢᠨ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠤᠷᠤᠯᠴᠠᠵᠣ ᠪᠠᠶᠢᠭ᠎ᠠ ᠦᠪᠦᠷ ᠮᠤᠩᠭ᠋ᠤᠯ ᠤᠨ ᠲᠦᠯᠦᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠪᠦᠭᠦᠳᠡ ᠬᠤᠷᠠᠯ ᠬᠢᠵᠤ᠂ ᠶᠡᠷᠦᠩᠬᠡᠢ ᠱᠦᠵᠢ ᠰᠢ ᠵᠢᠨ ᠫᠢᠩ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢ ᠲᠦᠯᠦᠭᠡᠯᠡᠨ ᠬᠢᠭ᠍ᠰᠡᠨ ᠢᠯᠡᠳᠭᠡᠯ ᠢ ᠶᠡᠷᠢᠯᠴᠠᠪᠠ᠃ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠢᠯᠡᠳᠭᠡᠯ ᠢ ᠶᠠᠷᠢᠯᠴᠠᠬᠤ ᠳᠠᠭᠠᠨ᠂ ᠢᠯᠡᠳᠭᠡᠯ ᠨᠢ ᠡᠬᠢᠨ ᠠᠴᠠ ᠪᠠᠨ ᠳᠠᠭᠤᠰᠳᠠᠯ᠎ᠠ ᠮᠠᠷᠺᠰ ᠤᠨ ᠦᠵᠡᠯ ᠤᠨ ᠵᠤᠬᠰᠤᠯᠳᠠ᠂ ᠦᠵᠡᠯᠳᠡ ᠪᠠ ᠠᠷᠭ᠎ᠠ ᠶᠢ ᠲᠤᠤᠱᠯᠠᠭᠤᠯᠵᠤ᠂ ᠤᠭ ᠰᠠᠨᠠᠭ᠎ᠠ ᠪᠠᠨ ᠦᠯᠦ ᠮᠠᠷᠳᠠᠨ᠂ ᠲᠡᠤᠭᠡᠳᠦ ᠡᠭᠦᠷᠭᠡ ᠪᠠᠨ ᠪᠠᠳᠤ ᠴᠡᠭᠡᠵᠢᠯᠡᠭᠦ ᠳᠡᠦᠬᠡᠨ ᠡᠭᠦᠷᠭᠡᠯᠡᠯ ᠢ ᠢᠯᠡᠷᠡᠭᠦᠯᠵᠤ᠂ ᠪᠦᠬᠦ ᠲᠠᠯ᠎ᠠ ᠶᠢᠨ᠂ ᠪᠠᠶᠢᠯᠳᠤᠬᠤ ᠪᠤᠳᠤᠯᠭ᠎ᠠ ᠶᠢᠨ᠂ ᠢᠷᠡᠭᠡᠳᠦ᠋ᠢᠴᠢ ᠬᠠᠷᠠᠴᠠ ᠪᠤᠯᠤᠨ ᠲᠦᠷᠦ ᠶᠢ ᠵᠠᠰᠠᠵᠤ ᠵᠠᠰᠠᠭ ᠢ ᠡᠷᠬᠢᠯᠡᠭᠦ ᠭᠠᠷᠮᠠᠭᠠᠢ ᠤᠢ ᠪᠢᠯᠢᠭ᠌ ᠢ ᠢᠯᠡᠷᠡᠭᠦᠯᠵᠤ᠂ ᠬᠦᠮᠦᠰ ᠲᠤ ᠢᠳᠡᠭᠡᠯ ᠪᠢᠰᠢᠷᠡᠯ ᠤᠨ ᠬᠦᠴᠦᠨ᠂ ᠴᠢᠭᠯᠡᠯ ᠤᠨ ᠵᠢᠯᠤᠭᠤᠳᠤᠯᠭ᠎ᠠ ᠪᠠ ᠢᠯᠠᠯᠳᠠ ᠶᠢᠨ ᠢᠳᠡᠭᠡᠯ ᠤᠯᠭᠤᠵᠤ᠂ ᠴᠠᠭ ᠦᠶ᠎ᠠ ᠶᠢ ᠵᠠᠭᠠᠬᠯᠠᠬᠰᠠᠨ ᠠᠭᠤᠤ ᠶᠡᠭᠡ ᠠᠴᠢ ᠬᠤᠯᠪᠤᠬᠳᠠᠯ ᠲᠠᠢ ᠪᠣᠯᠵᠠᠢ ᠭᠡᠵᠦ ᠵᠢᠭᠠᠵᠣ ᠭᠠᠷᠭᠠᠪᠠ᠃

    ᠪᠦ᠋ ᠰᠢᠶᠤᠤ ᠯᠢᠨ᠂ ᠢᠯᠡᠳᠭᠡᠯ ᠳᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠰᠢᠨ᠎ᠠ ᠴᠠᠭ ᠦᠶ᠎ᠠ ᠳᠤ ᠤᠷᠤᠬᠰᠠᠨ ᠲᠤᠬᠠᠢ ᠴᠢᠬᠤᠯᠠ ᠤᠯᠤᠰ ᠲᠦᠷᠦ ᠶᠢᠨ ᠮᠠᠭᠠᠳᠯᠠᠯᠳᠠ ᠬᠢᠵᠤ᠂ ᠮᠠᠨ ᠤ ᠤᠯᠤᠰ ᠤᠨ ᠬᠦᠭ᠍ᠵᠢᠯᠳᠡ ᠳᠤ ᠤᠷᠤᠰᠢᠵᠤ ᠪᠠᠶᠢᠭ᠎ᠠ ᠲᠡᠤᠭᠡᠨ ᠤᠷᠤᠨ ᠪᠠᠶᠢᠷᠢ ᠶᠢ ᠲᠤᠳᠤᠷᠬᠠᠢᠢᠯᠠᠵᠤ᠂ ᠮᠠᠨ ᠤ ᠪᠠᠷᠢᠮᠳᠠᠯᠠᠨ ᠬᠦᠭ᠍ᠵᠢᠭᠦᠯᠬᠦ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮᠲᠤ ᠵᠠᠮ ᠤᠨ ᠢᠳᠡᠭᠡᠯ᠂ ᠤᠨᠤᠯ ᠤᠨ ᠢᠳᠡᠭᠡᠯ᠂ ᠲᠦᠷᠢᠮ ᠤᠨ ᠢᠳᠡᠭᠡᠯ᠂ ᠰᠤᠶᠤᠯ ᠤᠨ ᠢᠳᠡᠭᠡᠯ ᠢ ᠲᠡᠯᠡᠬᠡᠢ ᠳ᠋ᠠᠬᠢᠨ ᠳᠤ ᠭᠠᠶᠢᠬᠠᠭᠤᠯᠪᠠ᠃ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠰᠢᠨ᠎ᠠ ᠴᠠᠭ ᠦᠶ᠎ᠠ ᠳᠤ ᠤᠷᠤᠬᠰᠠᠨ ᠨᠢ᠂ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠰᠢ ᠨᠠᠮ ᠪᠤᠯᠤᠨ ᠤᠯᠤᠰ ᠤᠨ ᠠᠵᠢᠯ ᠦᠢᠯᠡᠰ ᠲᠤ ᠲᠡᠤᠭᠡᠳᠦ ᠴᠢᠨᠠᠷᠳᠠᠢ ᠬᠤᠪᠢᠷᠠᠯᠳᠠ ᠭᠠᠷᠴᠣ᠂ ᠮᠠᠨ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠲᠡᠤᠭᠡᠳᠦ ᠴᠢᠨᠠᠷᠳᠠᠢ ᠬᠤᠪᠢᠷᠠᠯᠳᠠ ᠭᠠᠷᠤᠬᠰᠠᠨ ᠤ ᠵᠠᠶᠢᠯᠠᠰᠢ ᠦᠭᠡᠢ ᠦᠷ᠎ᠠ ᠳ᠋ᠦᠩ ᠪᠤᠯᠤᠨ᠎ᠠ᠂ ᠲᠠᠪᠤᠨ ᠵᠢᠯ ᠤᠨ ᠲᠤᠷᠰᠢ᠂ ᠮᠠᠨ ᠤ ᠨᠠᠮ ᠤᠨ ᠲᠦᠷᠢ ᠲᠦᠷᠬᠦ᠂ ᠤᠯᠤᠰ ᠤᠨ ᠲᠦᠷᠢ ᠲᠦᠷᠬᠦ᠂ ᠠᠷᠠᠳ ᠲᠦᠮᠡᠨ ᠤ ᠲᠦᠷᠢ ᠲᠦᠷᠬᠦ᠂ ᠴᠡᠷᠢᠭ ᠠᠩᠬᠢ ᠶᠢᠨ ᠲᠦᠷᠢ ᠲᠦᠷᠬᠦ ᠪᠠ ᠲᠤᠮᠳᠠᠳᠤ ᠶᠢᠨ ᠦᠨᠳᠦᠰᠦᠳᠡᠨ ᠤ ᠲᠦᠷᠢ ᠲᠦᠷᠬᠦ ᠶᠢ ᠦᠨᠳᠦᠰᠦᠨ ᠳᠡᠭᠡᠨ ᠲᠠᠬᠢᠨ ᠱᠤᠭᠤᠵᠤ᠂ ᠪᠢᠳᠡ ᠲᠡᠯᠡᠬᠡᠢ ᠳᠡᠭᠡᠷ᠎ᠡ ᠤᠷᠢᠳ ᠡᠮᠦᠨ᠎ᠠ ᠪᠠᠶᠢᠭ᠎ᠠ ᠦᠭᠡᠢ ᠪᠠᠶᠢᠷᠢ ᠰᠠᠭᠤᠷᠢ ᠪᠤᠯᠤᠨ ᠨᠦᠯᠦᠭᠡ ᠲᠠᠢ ᠪᠤᠯᠵᠤ᠂ ᠲᠤᠮᠳᠠᠳᠤ ᠶᠢᠨ ᠦᠨᠳᠦᠰᠦᠳᠡᠨ ᠪᠤᠰᠴᠤ ᠵᠤᠬᠰᠤᠬᠤ᠂ ᠴᠢᠨᠡᠭᠡᠯᠢᠭ᠍ᠵᠢᠭᠦ ᠠᠴᠠ ᠪᠠᠨ ᠬᠦᠴᠦᠷᠭᠡᠭ᠍ᠵᠢᠭᠦ ᠳᠤ ᠬᠦᠷᠦᠭᠰᠡᠨ ᠲᠡᠤᠭᠡᠳᠦ ᠴᠢᠨᠠᠷᠳᠠᠢ ᠦᠰᠦᠷᠦᠯᠳᠡ ᠶᠢ ᠪᠡᠶᠡᠯᠡᠭᠦᠯᠵᠤ᠂ ᠰᠢ ᠵᠢᠨ ᠫᠢᠩ ᠨᠦᠬᠦᠷ ᠢᠶᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠰᠢᠢᠳᠪᠦᠷᠢᠳᠦ ᠪᠤᠳᠤᠯᠭ᠎ᠠ ᠲᠤᠬᠳᠠᠭᠠᠬᠤ ᠲᠦᠷᠦ ᠶᠢ ᠵᠠᠰᠠᠵᠤ ᠵᠠᠰᠠᠭ ᠢ ᠡᠷᠬᠢᠯᠡᠭᠦ ᠭᠠᠷᠮᠠᠭᠠᠢ ᠴᠢᠳᠠᠪᠤᠷᠢ ᠶᠢ ᠢᠯᠡᠷᠡᠭᠦᠯᠦᠨ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠯᠤᠳᠤ ᠶᠡᠭᠡ ᠲᠠᠪᠠᠭᠤᠯᠢᠭ ᠪᠤᠯᠤᠨ ᠶᠠᠪᠤᠬᠤ ᠲᠤᠳᠤᠮ ᠰᠠᠶᠢᠨ ᠰᠠᠶᠢᠬᠠᠨ ᠪᠤᠯᠬᠤ ᠬᠡᠭᠡᠨ ᠰᠠᠷᠠᠭᠤᠯ ᠢᠷᠡᠭᠡᠳᠦᠢ ᠶᠢ ᠢᠯᠡᠷᠡᠭᠦᠯᠪᠡ᠃ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯ ᠰᠢ ᠶᠢᠨ ᠫᠢᠩ ᠨᠦᠬᠦᠷ ᠢᠶᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠦᠷᠦ ᠶᠢ ᠵᠠᠰᠠᠵᠤ ᠵᠠᠰᠠᠭ ᠢ ᠡᠷᠬᠢᠯᠡᠭᠦ ᠠᠭᠤᠤ ᠶᠡᠭᠡ ᠦᠢᠯᠡᠳᠦᠯᠭᠡ ᠶᠢᠨ ᠬᠡᠷᠡᠯ ᠰᠠᠴᠤᠷᠠᠩᠭ᠋ᠤᠢ ᠦᠷ᠎ᠠ ᠪᠦᠳᠦᠭᠡᠯ ᠪᠤᠯᠤᠨ᠎ᠠ᠂ ᠤᠳᠤ ᠦᠶ᠎ᠠ ᠶᠢᠨ ᠲᠤᠮᠳᠠᠳᠤ ᠤᠯᠤᠰ ᠤᠨ ᠬᠠᠮᠤᠭ ᠤᠨ ᠠᠮᠢᠳᠤ ᠴᠣᠪᠣᠭᠤᠯᠢᠭ ᠮᠠᠷᠺᠰ ᠤᠨ ᠦᠵᠡᠯ ᠪᠤᠯᠤᠨ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠡᠭᠦᠨ ᠢ ᠮᠠᠨ ᠤ ᠨᠠᠮ ᠤᠨ ᠵᠢᠯᠤᠭᠤᠳᠬᠤ ᠦᠵᠡᠯ ᠰᠠᠨᠠᠭ᠎ᠠ ᠪᠤᠯᠭᠠᠬᠰᠠᠨ ᠨᠢ ᠲᠡᠤᠭᠡᠳᠦ ᠴᠢᠨᠠᠷᠳᠠᠢ ᠬᠤᠪᠢ ᠨᠡᠮᠡᠷᠢ ᠪᠣᠯᠵᠣ᠂ ᠰᠢᠨ᠎ᠠ ᠴᠠᠭ ᠦᠶ᠎ᠠ ᠶᠢᠨ ᠨᠠᠮ ᠪᠤᠯᠤᠨ ᠤᠯᠤᠰ ᠤᠨ ᠠᠵᠢᠯ ᠦᠢᠯᠡᠰ ᠤᠨ ᠬᠦᠭ᠍ᠵᠢᠯᠳᠡ ᠶᠢᠨ ᠱᠠᠭᠠᠷᠳᠠᠯᠭ᠎ᠠ ᠲᠠᠢ ᠨᠡᠶᠢᠴᠡᠵᠤ᠂ ᠪᠦᠬᠦ ᠨᠠᠮ ᠤᠨ ᠡᠷᠴᠢ ᠵᠤᠷᠢᠭ ᠪᠠ ᠪᠦᠬᠦ ᠤᠯᠤᠰ ᠤᠨ ᠠᠷᠠᠳ ᠲᠦᠮᠡᠨ ᠤ ᠬᠦᠰᠡᠯ ᠰᠠᠨᠠᠯ ᠢ ᠲᠤᠰᠬᠠᠪᠠ ᠬᠡᠵᠡᠢ᠃

    ᠪᠦ᠋ ᠰᠢᠶᠤᠤ ᠯᠢᠨ᠂ ᠢᠯᠡᠳᠭᠡᠯ ᠳᠠᠬᠢ ᠰᠢᠨ᠎ᠠ ᠴᠠᠭ ᠦᠶ᠎ᠠ ᠶᠢᠨ ᠮᠠᠨ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠤᠨ ᠲᠤᠬᠠᠢ ᠴᠢᠬᠤᠯᠠ ᠮᠠᠭᠠᠳᠯᠠᠯᠳᠠ ᠪᠤᠯᠤᠨ ᠡᠯ᠎ᠠ ᠵᠦᠢᠯ ᠤᠨ ᠪᠠᠶᠢᠯᠳᠤᠬᠤ ᠪᠤᠳᠤᠯᠭ᠎ᠠ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠨᠢ᠂ ᠮᠠᠨ ᠤ ᠤᠯᠤᠰ ᠤᠨ ᠨᠡᠶᠢᠭᠡᠮ ᠤᠨ ᠬᠦᠭ᠍ᠵᠢᠯᠳᠡ ᠶᠢᠨ ᠱᠠᠳᠤᠴᠢ ᠴᠢᠨᠠᠷᠳᠠᠢ ᠤᠨᠴᠠᠯᠢᠭ ᠤᠨ ᠲᠤᠬᠠᠢ ᠮᠠᠨ ᠤ ᠨᠠᠮ ᠤᠨ ᠰᠡᠷᠬᠡᠭ᠌ ᠲᠠᠨᠢᠯᠳᠠ ᠪᠤᠯᠤᠨ ᠤᠨᠤᠪᠴᠢᠳᠠᠢ ᠡᠵᠡᠮᠰᠢᠯ ᠢ ᠢᠯᠡᠷᠡᠭᠦᠯᠵᠤ᠂ ᠮᠠᠨ ᠤ ᠨᠠᠮ ᠤᠨ ᠠᠷᠠᠳ ᠲᠦᠮᠡᠨ ᠢ ᠳᠡᠭᠡᠳᠦᠯᠡᠬᠦ ᠶᠢ ᠪᠠᠷᠢᠮᠳᠠᠯᠠᠬᠤ ᠢᠯᠡ ᠲᠤᠳᠤ ᠵᠤᠬᠰᠤᠯᠳᠠ ᠪᠤᠯᠤᠨ ᠦᠷᠳᠡᠭ ᠤᠨ ᠬᠦᠭᠡᠭᠡᠴᠡᠯᠳᠦᠯ ᠢ ᠢᠯᠡᠷᠡᠭᠦᠯᠵᠤ᠂ ᠴᠢᠨᠡᠭᠡᠯᠢᠭ᠌ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠢᠯᠠᠯᠳᠠ ᠶᠢ ᠤᠯᠬᠤ᠂ ᠲᠤᠮᠤ ᠤᠯᠤᠰ ᠠᠴᠠ ᠪᠠᠨ ᠨᠡᠶᠢᠭᠡᠮ ᠵᠢᠷᠤᠮ ᠤᠨ ᠤᠳᠤᠬᠢᠴᠢᠯᠠᠬᠰᠠᠨ ᠬᠦᠴᠦᠷᠭᠡᠭ᠌ ᠤᠯᠤᠰ ᠪᠤᠯᠬᠤ ᠳᠤ ᠠᠵᠢᠯᠯᠠᠭᠠᠨ ᠤ ᠬᠦᠳᠦᠯᠪᠦᠷᠢ ᠬᠠᠩᠭ᠋ᠠᠬᠰᠠᠨ ᠪᠦᠭᠡᠳ ᠰᠢᠨ᠎ᠠ ᠴᠠᠭ ᠦᠶ᠎ᠠ ᠳᠤ ᠪᠦᠬᠦ ᠲᠠᠯ᠎ᠠ ᠪᠠᠷ ᠨᠠᠮ ᠢ ᠴᠢᠩᠭ᠋᠎ᠠ ᠵᠠᠰᠠᠬᠤ ᠳᠤ ᠠᠵᠢᠯᠯᠠᠭᠠᠨ ᠤ ᠬᠦᠳᠦᠯᠪᠤᠷᠢ ᠬᠠᠩᠭ᠋ᠠᠵᠤ᠂ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠡᠷᠡᠯᠭᠡᠭᠯᠡᠨ ᠣᠷᠣᠭᠰᠢᠯᠠᠬᠤ ᠬᠦᠴᠦᠷᠭᠡᠭ᠌ ᠶᠡᠭᠡ ᠬᠦᠴᠦᠨ ᠴᠢᠳᠠᠯ ᠢ ᠨᠢᠬᠳᠠᠷᠠᠭᠤᠯᠬᠤ ᠨᠢ ᠯᠠᠪᠳᠠᠢ ᠶᠤᠮ᠃ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠬᠠᠮᠤᠭ ᠤᠨ ᠡᠷᠳᠡ ᠪᠠᠶᠢᠭᠤᠯᠤᠬᠳᠠᠬᠰᠠᠨ ᠴᠦᠭᠡᠨ ᠲᠤᠭᠠᠳᠦ ᠦᠨᠳᠦᠰᠦᠳᠡᠨ ᠤ ᠦᠪᠡᠷᠳᠡᠭᠡᠨ ᠵᠠᠰᠠᠬᠤ ᠤᠷᠤᠨ ᠪᠤᠯᠤᠬᠰᠠᠨ ᠤ ᠬᠤᠪᠢ ᠳᠤ᠂ ᠪᠦᠬᠦ ᠤᠯᠤᠰ ᠲᠠᠢ ᠠᠳᠠᠯᠢ ᠪᠠᠷ ᠪᠤᠰᠴᠤ ᠵᠤᠬᠰᠤᠬᠤ᠂ ᠴᠢᠨᠡᠭᠡᠯᠢᠭ᠍ᠵᠢᠭᠦ ᠠᠭᠤᠤ ᠶᠡᠭᠡ ᠲᠡᠤᠭᠡᠨ ᠠᠬᠢᠴᠠ ᠶᠢ ᠦᠩᠭᠡᠷᠡᠭᠡᠵᠤ᠂《ᠵᠢᠱᠢᠶᠡᠴᠢ ᠦᠪᠡᠷᠳᠡᠭᠡᠨ ᠵᠠᠰᠠᠬᠤ ᠤᠷᠤᠨ》 ᠢ᠋ᠶᠡᠷ ᠦᠨᠡᠯᠡᠭᠳᠡᠭᠰᠡᠭᠡᠷ ᠢᠷᠡᠪᠡ᠂ ᠪᠢᠳᠡ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠭᠴᠢ ᠶᠢᠨ ᠤᠬᠠᠮᠰᠠᠷ᠂ ᠨᠢᠭᠡᠳᠦᠯᠳᠡᠢ ᠪᠠᠶᠢᠬᠤ ᠤᠬᠠᠮᠰᠠᠷ ᠢᠶᠠᠨ ᠳᠡᠭᠡᠭ᠍ᠰᠢᠯᠡᠭᠦᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠣ᠂ ᠴᠢᠨᠡᠭᠡᠯᠢᠭ᠍ᠵᠢᠭᠰᠡᠨ ᠠᠴᠠ ᠪᠠᠨ ᠬᠦᠴᠦᠷᠭᠡᠭ᠍ᠵᠢᠭᠦ ᠠᠭᠤᠤ ᠶᠡᠭᠡ ᠲᠡᠤᠭᠡᠨ ᠠᠶᠠᠨ ᠵᠠᠮ ᠳᠤ᠂ ᠦᠷᠭᠦᠯᠵᠢᠯᠡᠨ 《ᠵᠢᠱᠢᠶᠡᠴᠢ ᠦᠪᠡᠷᠳᠡᠭᠡᠨ ᠵᠠᠰᠠᠬᠤ ᠤᠷᠤᠨ》ᠪᠤᠯᠵᠤ᠂ ᠪᠦᠬᠦ ᠤᠯᠤᠰ ᠤᠨ ᠡᠮᠦᠨ᠎ᠠ ᠡᠩᠨᠡᠭᠡᠨ ᠳᠤ ᠤᠷᠤᠬᠤ ᠪᠠᠷ ᠴᠢᠷᠮᠠᠶᠢᠬᠤ ᠬᠡᠷᠡᠭᠳᠡᠢ ᠬᠡᠪᠡ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121835377