蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠠᠯᠪᠠᠨ ᠤ ᠡᠮᠨᠡᠯᠭᠡ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠭ᠎ᠠ  ᠰᠤᠯᠢᠯᠴᠠᠬᠤ ᠬᠤᠷᠠᠯ ᠬᠤᠷᠠᠯᠳᠤᠪᠠ

2017-10-24 13:06

    10 ᠰᠠᠷ᠎ᠠ ᠶᠢᠨ 23 ᠤ ᠡᠳᠦᠷ᠂ ᠦᠪᠦᠷ ᠮᠣᠩᠭᠣᠯ ᠤᠨ ᠤᠷᠤᠨ ᠳᠠᠶᠠᠭᠠᠷ ᠤᠨ ᠠᠯᠪᠠᠨ ᠤ ᠡᠮᠨᠡᠯᠭᠡ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠭ᠎ᠠ ᠰᠤᠯᠢᠯᠴᠠᠬᠤ ᠬᠤᠷᠠᠯ ᠦᠬᠠᠢ ᠬᠤᠲᠠ ᠳᠤ ᠬᠤᠷᠠᠯᠳᠤᠪᠠ᠃

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠯᠢᠦ ᠰᠢᠨ ᠯᠸ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃

    ᠯᠢᠦ ᠰᠢᠨ ᠯᠸ᠂ ᠡᠯ᠎᠎ᠠ ᠪᠦᠰᠡ ᠨᠤᠲᠤᠭ ᠡᠯ᠎ᠠ ᠰᠠᠯᠠᠭ᠎ᠠ ᠮᠦᠴᠢᠷ ᠤᠯᠤᠬᠰᠠᠨ ᠠᠮᠵᠢᠯᠲᠠ ᠪᠠ ᠤᠷᠤᠰᠢᠵᠤ ᠪᠤᠢ ᠠᠰᠠᠭᠤᠳᠠᠯ ᠢᠶᠡᠨ ᠵᠦᠪ ᠢᠶᠡᠷ ᠲᠠᠨᠢᠵᠤ᠂ ᠡᠮᠨᠡᠯᠭᠡ ᠶᠢᠨ ᠦᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠬᠦ ᠡᠭᠦᠷᠭᠡ ᠬᠠᠷᠢᠭᠤᠴᠠᠯᠭ᠎ᠠ ᠪᠡᠨ ᠤᠯᠠᠮ ᠴᠢᠩᠭ᠋ᠠᠳᠬᠠᠬᠤ ᠬᠡᠷᠡᠭᠲᠠᠢ᠃ ᠵᠠᠰᠠᠭ ᠤᠨ ᠤᠷᠳᠤᠨ ᠤ ᠬᠠᠷᠢᠭᠤᠴᠠᠯᠭ᠎ᠠ ᠪᠡᠨ ᠨᠠᠶᠢᠳᠠᠪᠤᠷᠢᠵᠢᠭᠤᠯᠬᠤ ᠶᠢ  ᠦᠷᠭᠦᠯᠵᠢᠯᠡᠨ ᠠᠬᠢᠭᠤᠯᠵᠤ᠂ ᠰᠢᠨᠵᠢᠯᠡᠬᠦ ᠤᠬᠠᠭᠠᠨᠴᠢ ᠪᠡᠷ ᠠᠵᠢᠯᠯᠠᠬᠤ ᠰᠢᠨ᠎ᠠ ᠲᠤᠭᠲᠠᠯᠴᠠᠭᠠᠨ ᠤ ᠪᠠᠶᠢᠭᠤᠯᠤᠯᠲᠠ ᠶᠢ ᠲᠦᠷᠭᠡᠳᠭᠡᠵᠤ᠂ ᠡᠮ ᠡᠮᠨᠡᠯᠭᠡ ᠶᠢᠨ ᠵᠠᠷᠤᠳᠠᠯ ᠤᠨ ᠵᠤᠬᠢᠰ ᠦᠭᠡᠢ ᠨᠡᠮᠡᠭᠳᠡᠯ ᠢ ᠴᠢᠩᠭ᠋᠎ᠠ ᠬᠤᠷᠢᠭᠯᠠᠵᠤ᠂ ᠠᠯᠪᠠᠨ ᠤ ᠡᠮᠨᠡᠯᠭᠡ ᠶᠢᠨ ᠦᠭᠡᠷᠡᠴᠢᠯᠡᠯᠲᠡ ᠶᠢᠨ ᠵᠢᠱᠢᠶ᠎ᠠ ᠦᠵᠡᠭᠦᠯᠬᠦ ᠠᠵᠢᠯ ᠢ ᠴᠢᠩᠭ᠋ᠠᠳᠬᠠᠨ᠎ᠠ᠃ ᠭᠤᠤᠯᠳᠠᠯᠭ᠎ᠠ ᠶᠢ ᠠᠤᠬᠤᠨ᠂ ᠡᠭᠦᠷᠭᠡ ᠪᠠᠨ ᠲᠤᠳᠤᠷᠬᠠᠶᠢᠯᠠᠵᠤ ᠠᠯᠪᠠᠨ ᠤ ᠡᠮᠨᠡᠯᠭᠡ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠬᠦᠨᠵᠡᠭᠡᠢ ᠬᠦᠭ᠍ᠵᠢᠯᠲᠠ ᠶᠢ ᠠᠬᠢᠭᠤᠯᠬᠤ ᠬᠡᠷᠡᠭᠲᠠᠢ᠃ ᠵᠡᠷᠭᠡᠯᠡᠯ ᠬᠤᠪᠢᠶᠠᠨ ᠤᠨᠤᠰᠢᠯᠠᠨ ᠵᠠᠰᠠᠬᠤ ᠳᠦᠷᠢᠮ ᠤᠨ ᠪᠠᠶᠢᠭᠤᠯᠤᠯᠲᠠ ᠶᠢ ᠲᠦᠷᠭᠡᠳᠭᠡᠵᠤ᠂ ᠤᠳᠤ ᠦᠶ᠎ᠠ ᠶᠢᠨ ᠡᠮᠨᠡᠯᠭᠡ ᠶᠢᠨ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠶᠢ ᠠᠬᠢᠭᠤᠯᠤᠨ᠂ ᠡᠮ ᠲᠠᠩ ᠤᠨ ᠬᠠᠩᠭ᠋ᠠᠯᠭ᠎ᠠ ᠶᠢᠨ ᠪᠠᠲᠤᠯᠠᠭᠠᠨ ᠤ ᠲᠦᠷᠢᠮ ᠤᠨ ᠦᠭᠡᠷᠡᠴᠢᠯᠡᠯᠲᠡ ᠶᠢ ᠴᠢᠩᠭ᠋ᠠᠳᠬᠠᠵᠤ᠂ ᠮᠣᠩᠭᠣᠯ ᠬᠢᠲᠠᠳ ᠡᠮ ᠡᠮᠨᠡᠯᠭᠡ ᠶᠢᠨ  ᠦᠪᠡᠷᠮᠢᠴᠡ ᠳᠠᠪᠠᠭᠤᠯᠢᠭ ᠢ ᠪᠠᠳᠠᠷᠠᠭᠤᠯᠤᠨ᠂ ᠡᠮ ᠡᠮᠨᠡᠯᠭᠡ ᠶᠢᠨ ᠦᠭᠡᠷᠡᠴᠢᠯᠡᠯᠲᠡ ᠶᠢᠨ ᠬᠦᠷᠢᠶ᠎ᠠ ᠴᠠᠷᠠᠭᠠᠨ ᠳᠤ ᠰᠢᠨ᠎ᠠ᠎ ᠠᠬᠢᠴᠠ ᠲᠠᠢ ᠪᠤᠯᠬᠤ ᠶᠢ ᠠᠬᠢᠭᠤᠯᠬᠤ ᠬᠡᠷᠡᠭᠲᠠᠢ ᠭᠡᠵᠠᠢ᠃

    ᠬᠤᠷᠠᠯ ᠳᠡᠭᠡᠷ᠎ᠠ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠡᠷᠭᠡᠯᠡᠯ ᠤᠨ ᠡᠷᠡᠭᠦᠯ ᠬᠠᠮᠠᠭᠠᠯᠠᠯ ᠲᠦᠯᠦᠪᠯᠡᠭᠡᠲᠤ ᠦᠷᠡᠵᠢᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠡᠴᠡ ᠤᠷᠤᠨ ᠳᠠᠶᠠᠭᠠᠷ ᠤᠨ ᠠᠯᠪᠠᠨ ᠤ ᠡᠮᠨᠡᠯᠭᠡ ᠶᠢᠨ ᠦᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠢ ᠮᠡᠳᠡᠭᠳᠡᠵᠤ᠂ ᠦᠬᠠᠢ ᠬᠤᠲᠠ᠂ ᠪᠠᠶᠠᠨᠨᠠᠭᠤᠷ ᠬᠤᠲᠠ ᠶᠢᠨ ᠬᠢᠲᠠᠳ ᠡᠮᠨᠡᠯᠭᠡ ᠵᠡᠷᠭᠡ ᠠᠶᠢᠮᠠᠭ ᠬᠤᠲᠠ ᠪᠤᠯᠤᠨ ᠡᠮᠨᠡᠯᠭᠡ ᠶᠢᠨ ᠬᠠᠷᠢᠭᠤᠴᠠᠯᠭᠠᠲᠠᠳ ᠲᠤᠷᠰᠢᠯᠭ᠎ᠠ ᠪᠡᠨ ᠰᠤᠯᠢᠯᠴᠠᠪᠠ᠃ (ᠰᠤᠷᠪᠤᠯᠵᠢᠯᠠᠭᠴᠢ ᠵᠠᠩ ᠸᠸᠨ ᠴᠢᠶᠠᠩ)

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121848648