蒙古文网站Logo
ᠰᠢᠨᠬᠤᠸᠠ ᠮᠤᠩᠭ᠋ᠤᠯ ᠨᠧᠲ

ᠯᠢ ᠵᠢᠢ ᠡᠾᠧᠩ ᠪᠦ᠋ ᠰᠢᠶᠤᠤ ᠯᠢᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠮᠡᠳᠡᠭᠡᠯᠡᠵᠦ ᠪᠠᠶᠢᠭ᠎ᠠ ᠦᠪᠦᠷ ᠮᠣᠩᠭᠣᠯ ᠤᠨ ᠰᠤᠨᠢᠨ ᠮᠡᠳᠡᠭᠡᠨ ᠤ ᠠᠵᠢᠯᠳᠠᠳ ᠢ ᠡᠷᠬᠢᠨ ᠦᠵᠡᠪᠡ

2017-10-24 12:38

    10 ᠰᠠᠷ᠎ᠠ ᠶᠢᠨ 23 ᠤ ᠦᠳᠡ ᠶᠢᠨ ᠬᠤᠶᠢᠨ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠦᠪᠦᠷ ᠮᠤᠩᠭ᠋ᠤᠯ ᠤᠨ ᠲᠦᠯᠦᠭᠡᠯᠡᠭᠴᠢᠳ ᠤᠨ ᠪᠦᠯᠬᠦᠮ ᠤᠨ ᠪᠦᠬᠦᠳᠡ ᠬᠤᠷᠠᠯ ᠲᠠᠭᠤᠰᠤᠭᠰᠠᠨ ᠤ ᠳᠠᠷᠠᠭ᠎ᠠ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭ᠋ᠤ ᠶᠢᠨ ᠬᠡᠰᠢᠭᠦᠨ᠂ ᠤᠠᠬᠭᠤᠯᠬᠤ ᠬᠡᠯᠳᠡᠰ ᠤᠨ ᠲᠠᠷᠤᠭ᠎ᠠ ᠪᠠᠢ ᠢᠤᠢ ᠭᠠᠩ ᠨᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠤᠬᠠᠭᠤᠯᠤᠨ ᠮᠡᠳᠡᠭᠡᠯᠡᠭᠦ ᠨᠢᠭᠡᠳᠦᠭᠡᠷ ᠹᠷᠤᠨᠲ ᠲᠤ ᠠᠵᠢᠯᠯᠠᠵᠤ ᠪᠠᠶᠢᠭ᠎ᠠ ᠦᠪᠦᠷ ᠮᠤᠩᠭ᠋ᠤᠯ ᠤᠨ ᠡᠳᠦᠷ ᠤᠨ ᠰᠤᠨᠢᠨ ᠤ ᠬᠤᠷᠢᠶ᠎ᠠ᠂ ᠦᠪᠦᠷ ᠮᠤᠩᠭ᠋ᠤᠯ ᠤᠨ ᠷᠠᠳᠢᠣ᠋ ᠲᠧᠯᠧᠶ᠋ᠰ ᠬᠤᠷᠢᠶ᠎ᠠ ᠵᠡᠷᠭᠡ ᠰᠤᠨᠢᠨ ᠮᠡᠳᠡᠭᠡᠨ ᠤ ᠵᠠᠭᠤᠴᠢᠯᠠᠭᠤᠷ ᠤᠨ ᠠᠵᠢᠯᠳᠠᠳ ᠢ ᠲᠤᠳᠤᠨᠤ ᠪᠠᠷ ᠡᠷᠬᠢᠨ ᠦᠵᠡᠵᠤ᠂ ᠤᠯᠠᠨ ᠢ ᠠᠮᠵᠢᠯᠳᠠ ᠪᠠᠨ ᠪᠠᠳᠠᠷᠠᠭᠤᠯᠤᠨ᠂ ᠴᠢᠷᠮᠠᠶᠢᠬᠰᠠᠨ ᠲᠡᠭᠡᠷ᠎ᠠ ᠪᠠᠨ ᠴᠢᠷᠮᠠᠶᠢᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠣᠨ ᠮᠡᠳᠡᠭᠡᠯᠡᠭᠦ ᠠᠵᠢᠯ ᠢ ᠴᠠᠭ ᠲᠤᠬᠠᠢ ᠳᠤᠨᠢ ᠤᠨᠤᠪᠴᠢᠳᠠᠢ᠂ ᠠᠮᠢᠳᠤᠯᠢᠭ ᠢᠶᠡᠷ ᠦᠷᠭᠦᠯᠵᠢᠯᠡᠨ ᠰᠠᠶᠢᠳᠤᠷ ᠦᠷᠨᠢᠭᠦᠯᠦᠭᠡᠷᠡᠢ ᠬᠡᠵᠤ ᠵᠤᠷᠢᠬᠵᠢᠭᠤᠯᠪᠠ᠃

    ᠯᠢ ᠵᠢᠢ ᠾᠸᠩ ᠨᠠᠷ ᠤᠷᠢᠳ ᠬᠤᠵᠢᠳ ᠪᠡᠭᠡᠵᠢᠩ ᠳᠠᠬᠢ ᠦᠪᠦᠷ ᠮᠤᠩᠭ᠋ᠤᠯ ᠲᠤᠮᠤ ᠠᠰᠠᠷ ᠲᠤ ᠪᠠᠶᠢᠭᠤᠯᠤᠬᠰᠠᠨ ᠦᠪᠦᠷ ᠮᠤᠩᠭ᠋ᠤᠯ ᠤᠨ ᠡᠳᠦᠷ ᠤᠨ ᠰᠤᠨᠢᠨ ᠤ ᠬᠤᠷᠢᠶ᠎ᠠ ᠶᠢᠨ ᠬᠠᠮ ᠵᠠᠭᠤᠴᠢᠯᠠᠭᠤᠷ ᠤᠨ ᠨᠡᠪᠳᠡᠷᠡᠭᠦᠯᠭᠡ ᠶᠢᠨ ᠳᠠᠰᠤᠭ ᠪᠠ ᠦᠪᠦᠷ ᠮᠤᠩᠭ᠋ᠤᠯ ᠤᠨ ᠷᠠᠳᠢᠣ᠋ ᠲᠧᠯᠧᠶ᠋ᠰ ᠬᠤᠷᠢᠶ᠎ᠠ ᠶᠢᠨ ᠨᠡᠪᠳᠡᠷᠡᠭᠦᠯᠭᠡ ᠶᠢᠨ ᠳᠠᠰᠤᠭ ᠢᠶᠠᠷ ᠬᠦᠷᠴᠤ᠂ ᠰᠤᠷᠪᠤᠯᠵᠢᠯᠠᠬᠴᠢ ᠨᠠᠶᠢᠷᠠᠭᠤᠯᠤᠬᠴᠢᠳ ᠲᠠᠢ ᠨᠢᠬᠡᠳ ᠨᠢᠭᠡ ᠪᠠᠷ ᠭᠠᠷ ᠠᠳᠬᠤᠵᠦ ᠲᠤᠳᠤᠨᠤ ᠪᠠᠷ ᠶᠠᠷᠢᠯᠴᠠᠵᠦ᠂ ᠡᠯ᠎ᠠ ᠰᠤᠨᠢᠨ ᠮᠡᠳᠡᠭᠡᠨ ᠤ ᠨᠢᠭᠡᠴᠡ ᠶᠢᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠮᠡᠳᠡᠭᠡᠯᠡᠯ ᠢ ᠰᠠᠶᠢᠳᠤᠷ ᠬᠢᠭᠦ ᠡᠯ᠎ᠠ ᠵᠦᠢᠯ ᠤᠨ ᠲᠤᠬᠢᠷᠠᠭᠤᠯᠤᠯᠳᠠ ᠪᠠ ᠰᠤᠨᠢᠨ ᠮᠡᠳᠡᠭᠡ ᠨᠡᠶᠢᠳᠡᠯᠡᠵᠦ ᠨᠡᠪᠳᠡᠷᠡᠭᠦᠯᠦᠭᠰᠡᠨ ᠪᠠᠶᠢᠳᠠᠯ ᠢ ᠨᠠᠷᠢᠨ ᠤᠢᠢᠯᠠᠭᠠᠬᠤ ᠶᠢᠨ ᠬᠠᠮᠳᠤ᠂ ᠰᠤᠷᠪᠤᠯᠵᠢᠯᠠᠬᠴᠢ ᠨᠠᠶᠢᠷᠠᠭᠤᠯᠤᠬᠴᠢᠳ ᠤᠨ ᠨᠢᠮᠪᠠᠢ ᠨᠠᠶᠢᠷᠠᠭᠤᠯᠤᠨ ᠨᠡᠪᠳᠡᠷᠡᠭᠦᠯᠵᠤ᠂ ᠵᠤᠬᠢᠶᠠᠨ ᠦᠢᠯᠡᠳᠦᠭᠰᠡᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠤᠬᠠᠢ ᠬᠠᠮ ᠵᠠᠭᠤᠴᠢᠯᠠᠭᠤᠷ ᠤᠨ ᠦᠢᠯᠡᠳᠭᠦᠨ ᠢ ᠳᠣᠮᠣ ᠲᠡᠯᠭᠡᠴᠡ ᠠᠴᠠ ᠰᠤᠨᠢᠷᠬᠠᠵᠤ᠂ ᠰᠤᠷᠪᠤᠯᠵᠢᠯᠠᠬᠴᠢ ᠨᠠᠶᠢᠷᠠᠭᠤᠯᠤᠬᠴᠢᠳ ᠤᠨ ᠣᠢᠢᠷ᠎ᠠ ᠶᠢᠨ ᠡᠳᠦᠷ ᠤᠳ ᠤᠨ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠣ ᠪᠠᠶᠢᠭ᠎ᠠ ᠰᠡᠳᠬᠢᠯ ᠢᠶᠠᠨ ᠢᠯᠡᠳᠭᠡᠨ ᠬᠦᠨᠳᠦᠳᠭᠡᠯ ᠢᠶᠡᠨ ᠲᠡᠪᠰᠢᠭᠦᠯᠵᠤ᠂ ᠤᠯᠠᠨ ᠤ ᠲᠦᠷᠭᠡᠨ ᠪᠦᠭᠡᠳ ᠤᠨᠤᠪᠴᠢᠳᠠᠢ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠮᠡᠳᠡᠭᠡᠯᠡᠭᠰᠡᠨ ᠠᠵᠢᠯ ᠢ ᠬᠦᠢᠴᠡᠳ ᠨᠤᠳᠠᠯᠠᠪᠡ᠃

    ᠯᠢ ᠵᠢᠢ ᠾᠸᠩ᠂ ᠡᠳᠡᠭᠡᠷ ᠡᠳᠦᠷ ᠤᠳ ᠲᠤ ᠤᠯᠠᠨ ᠢᠶᠠᠷ ᠢᠶᠠᠨ ᠠᠵᠢᠯ ᠦᠢᠯᠡᠰ ᠢᠶᠠᠨ ᠲᠡᠭᠡᠳᠦᠯᠡᠨ᠂ ᠮᠠᠰᠢ ᠴᠢᠷᠮᠠᠶᠢᠨ ᠠᠵᠢᠯᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠦᠪᠡᠳᠡᠭᠰᠢ ᠪᠠᠶᠢᠳᠠᠯ ᠢ ᠴᠠᠭ ᠳᠣᠬᠠᠢ ᠳᠤᠨᠢ ᠮᠡᠳᠡᠭᠡᠯᠡᠵᠤ᠂ ᠨᠠᠮ ᠤᠨ ᠲᠦᠯᠦᠭᠡᠯᠡᠭᠴᠢᠳ ᠤᠨ ᠴᠤᠭ ᠵᠢᠪᠬᠤᠭ᠎ᠠ ᠶᠢ ᠠᠮᠢᠳᠤᠯᠢᠭ ᠢᠶᠠᠷ ᠢᠯᠡᠷᠡᠭᠦᠯᠦᠨ᠂ ᠦᠪᠦᠷ ᠮᠤᠩᠭ᠋ᠤᠯ ᠤᠨ ᠲᠠᠭᠤᠨ ᠢ ᠢᠳᠡᠪᠬᠢᠳᠡᠢ ᠲᠠᠮᠵᠢᠭᠤᠯᠪᠠ᠂ ᠪᠢ ᠲᠠ ᠨᠠᠷ ᠢ ᠡᠷᠡᠬᠡᠢ ᠭᠠᠷᠭᠠᠨ ᠮᠠᠭᠳᠠᠵᠣ ᠪᠠᠶᠢᠨ᠎ᠠ ᠬᠡᠪᠡ᠃

    ᠯᠢ ᠵᠢᠢ ᠾᠸᠩ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯ ᠨᠢᠭᠡ ᠤᠳᠠᠭ᠎ᠠ ᠶᠢᠨ ᠤᠭ ᠰᠠᠨᠠᠭ᠎ᠠ ᠪᠠᠨ ᠦᠯᠦ ᠮᠠᠷᠳᠠᠨ᠂ ᠲᠡᠤᠭᠡᠳᠦ ᠡᠭᠦᠷᠭᠡ ᠪᠠᠨ ᠪᠠᠳᠤ ᠴᠡᠭᠡᠵᠢᠯᠡᠵᠤ᠂ ᠲᠤᠭ ᠢᠶᠠᠨ ᠦᠨᠳᠦᠷ ᠮᠠᠨᠳᠤᠭᠤᠯᠤᠨ᠂ ᠪᠦᠯᠬᠦᠮᠳᠡᠨ ᠲᠠᠪᠰᠢᠬᠰᠠᠨ ᠶᠡᠭᠡ ᠬᠤᠷᠠᠯ ᠪᠤᠯᠤᠨ᠎ᠠ᠂ ᠨᠠᠮ ᠪᠤᠯᠤᠨ ᠤᠯᠤᠰ ᠤᠨ ᠲᠡᠤᠭᠡᠨ ᠲᠡᠭᠡᠷ᠎ᠠ ᠴᠠᠭ ᠦᠶ᠎ᠠ ᠶᠢ ᠵᠠᠭᠠᠬᠯᠠᠬᠰᠠᠨ᠂ ᠬᠦᠰᠢᠶ᠎ᠠ ᠲᠤᠷᠠᠰᠠᠬᠠᠯ ᠤᠨ ᠴᠢᠬᠤᠯᠠ ᠠᠴᠢ ᠬᠤᠯᠪᠤᠬᠳᠠᠯ ᠲᠠᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠠᠶᠢᠳᠤᠷ ᠰᠤᠷᠤᠯᠴᠠᠨ ᠰᠠᠶᠢᠳᠤᠷ ᠤᠬᠠᠭᠤᠯᠵᠤ ᠰᠠᠶᠢᠳᠤᠷ ᠲᠤᠤᠱᠯᠠᠭᠤᠯᠬᠤ ᠪᠤᠯ᠂ ᠤᠳᠤᠬᠠᠨ ᠤ ᠪᠠ ᠬᠤᠶᠢᠰᠢᠳᠡ ᠶᠢᠨ ᠨᠢᠭᠡ ᠬᠡᠰᠡᠭ ᠬᠤᠭᠤᠴᠠᠭᠠᠠ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠤᠯᠤᠨ᠎ᠠ᠃ ᠦᠷᠭᠡᠨ ᠤᠯᠠᠨ ᠰᠤᠨᠢᠨ ᠮᠡᠳᠡᠭᠡᠨ ᠤ ᠠᠵᠢᠯᠳᠠᠳ 《ᠲᠦᠷᠪᠡᠨ ᠤᠠᠬᠮᠰᠠᠷ》 ᠢ᠋ᠶᠡᠨ ᠴᠢᠩᠭ᠋ᠠᠷᠠᠭᠤᠯᠵᠤ᠂ ᠬᠡᠭᠦᠳᠡᠭ ᠲᠦᠭᠦᠷᠡᠩ ᠤᠯᠤᠰ ᠲᠦᠷᠦ ᠶᠢᠨ ᠬᠠᠯᠠᠭᠤᠨ ᠰᠡᠳᠬᠢᠯᠭᠡ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠮᠡᠳᠡᠭᠡᠯᠡᠭᠦ ᠠᠵᠢᠯ ᠢ ᠰᠠᠶᠢᠳᠤᠷ ᠬᠢᠵᠤ᠂ ᠦᠩᠭᠡ ᠢᠯᠭᠠᠷᠠᠭᠰᠠᠨ ᠲᠤᠷᠠᠨ ᠦᠵᠡᠭᠳᠡᠯ ᠪᠤᠯᠤᠨ ᠪᠢᠯᠢᠭ᠌ ᠬᠤᠷᠴᠠᠯᠠᠬᠰᠠᠨ ᠦᠵᠦᠭ ᠪᠢᠷ ᠢᠶᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠤᠳᠠ ᠬᠦᠳᠡᠭᠡ ᠶᠢᠨ ᠦᠨᠳᠦᠰᠦᠨ ᠱᠠᠳᠤᠨ ᠳᠤ ᠬᠦᠷᠭᠡᠵᠦ᠂ ᠲᠦᠭ ᠲᠦᠮᠡᠨ ᠡᠷᠦᠭᠡ ᠳᠤ ᠣᠷᠣᠭᠤᠯᠵᠣ᠂ 《ᠦᠵᠡᠰᠭᠦᠯᠡᠩᠳᠦ ᠰᠠᠶᠢᠬᠠᠨ ᠦᠪᠦᠷ ᠮᠤᠩᠭ᠋ᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ》 ᠬᠦᠴᠦᠷᠭᠡᠭ᠌ ᠶᠡᠭᠡ ᠬᠦᠳᠡᠯᠭᠡᠭ᠍ᠴᠢ ᠬᠦᠴᠦᠨ ᠪᠤᠯᠤᠨ ᠠᠮᠢᠳᠤᠯᠢᠭ ᠦᠢᠯᠡᠳᠦᠯᠭᠡ ᠪᠤᠯᠭᠠᠨ ᠬᠤᠪᠢᠷᠠᠭᠤᠯᠬᠤ ᠶᠢ ᠠᠬᠢᠭᠤᠯᠬᠤ ᠶᠢ ᠬᠦᠰᠡᠵᠤ ᠪᠠᠶᠢᠨ᠎ᠠ ᠬᠡᠵᠤ ᠵᠢᠭᠠᠵᠤ ᠭᠠᠷᠭᠠᠪᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121848655