蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭ᠋ᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠲᠦᠪ ᠤᠨ ᠤᠯᠤᠰ ᠲᠦᠷᠦ ᠶᠢᠨ ᠲᠤᠪᠴᠢᠶ᠎ᠠ ᠶᠢᠨ ᠬᠤᠷᠠᠯ ᠤᠨ ᠵᠤᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠩᠬᠠᠳᠤᠭᠠᠷ ᠶᠡᠭᠡ ᠬᠤᠷᠠᠯ ᠬᠤᠷᠠᠯᠳᠤᠬᠰᠠᠨ ᠭᠠᠵᠠᠷ ᠲᠤ ᠪᠠᠷᠠᠳᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠤᠱᠯᠠᠭᠤᠯᠪᠠ

2017-11-02 15:08

    11 ᠰᠠᠷ᠎ᠠ ᠶᠢᠨ 1 ᠤ ᠡᠳᠦᠷ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭ᠋ᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠲᠦᠪ ᠤᠨ ᠤᠯᠤᠰ ᠲᠦᠷᠦ ᠶᠢᠨ ᠲᠤᠪᠴᠢᠶ᠎ᠠ ᠶᠢᠨ 10 ᠰᠠᠷ᠎ᠠ ᠶᠢᠨ 27 ᠤ ᠡᠳᠦᠷ ᠤᠨ ᠬᠤᠷᠠᠯ ᠤᠨ ᠵᠤᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠩᠬᠠᠳᠤᠭᠠᠷ ᠶᠡᠭᠡ ᠬᠤᠷᠠᠯ ᠬᠤᠷᠠᠯᠳᠤᠬᠰᠠᠨ ᠭᠠᠵᠠᠷ ᠲᠤ ᠪᠠᠷᠠᠳᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠡᠶᠢᠳᠡᠪᠦᠷᠢᠵᠢᠭᠤᠯᠬᠤ ᠠᠵᠢᠯ ᠢ ᠰᠤᠳᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠪᠡ᠃

    ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠮᠵᠢᠯᠳᠠ ᠲᠠᠢ ᠲᠡᠭᠦᠰᠦᠮᠡᠭᠴᠡ ᠲᠦᠪ ᠤᠨ ᠤᠯᠤᠰ ᠲᠦᠷᠦ ᠶᠢᠨ ᠲᠤᠪᠴᠢᠶ᠎ᠠ ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂《ᠨᠠᠮ ᠤᠨ ᠲᠦᠪ ᠬᠤᠷᠢᠶ᠎ᠠ ᠶᠢᠨ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠴᠢᠩᠭ᠋ᠠᠳᠬᠠᠬᠤ ᠪᠠ ᠬᠠᠮᠠᠭᠠᠯᠠᠬᠤ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠶᠢᠨ ᠲᠤᠬᠳᠠᠭᠠᠯ ᠤᠳ》ᠪᠠ《ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠶᠢᠨ ᠲᠦᠪ ᠤᠨ ᠨᠠᠶ᠋ᠮᠠᠨ ᠲᠤᠬᠳᠠᠭᠠᠯ ᠢ ᠲᠤᠤᠱᠯᠠᠭᠤᠯᠤᠨ ᠨᠡᠶᠢᠳᠡᠪᠦᠷᠢᠵᠢᠭᠤᠯᠬᠤ ᠲᠤᠬᠠᠢ ᠬᠡᠷᠡᠭᠵᠢᠭᠦᠯᠭᠦ ᠨᠠᠷᠢᠨ ᠲᠦᠷᠢᠮ》 ᠢ᠋ ᠬᠢᠨᠠᠨ ᠵᠦᠪᠯᠡᠵᠤ᠂ ᠪᠦᠬᠦ ᠨᠠᠮ ᠢᠶᠡᠷ ᠢᠶᠡᠨ ᠨᠠᠮ ᠤᠨ ᠲᠦᠪ ᠬᠤᠷᠢᠶ᠎ᠠ ᠶᠢᠨ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ᠂ ᠴᠠᠭᠠᠷᠠᠵᠣ ᠪᠣᠯᠪᠠᠰᠣᠷᠠᠭᠰᠠᠨ ᠰᠤᠷᠳᠠᠯ ᠢ ᠳᠠᠪᠳᠠᠨ ᠪᠤᠯᠪᠠᠰᠤᠷᠠᠭᠤᠯᠬᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠰᠠᠶᠢᠳᠤᠷ ᠠᠳᠬᠤᠬᠤ ᠳᠤ ᠴᠢᠬᠤᠯᠠ ᠵᠢᠷᠤᠮᠯᠠᠯ ᠬᠠᠩᠭ᠋ᠠᠵᠤ᠂ ᠬᠦᠴᠦᠨ ᠪᠦᠬᠦᠢ ᠵᠢᠱᠢᠶ᠎ᠡ ᠦᠵᠡᠭᠦᠯᠵᠠᠢ᠃ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠭᠡᠨ ᠤᠯᠠᠨ ᠨᠠᠮ ᠤᠨ ᠬᠡᠰᠢᠭᠦᠨ ᠺᠠᠳ᠋ᠷᠴᠤᠳ ᠨᠠᠮ ᠤᠨ ᠲᠦᠪ ᠬᠤᠷᠢᠶ᠎ᠠ ᠶᠢᠨ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠪᠤᠯ ᠨᠠᠮ ᠤᠨ ᠤᠳᠤᠷᠢᠳᠤᠯᠭ᠎ᠠ ᠶᠢᠨ ᠬᠠᠮᠤᠭ ᠤᠨ ᠲᠡᠭᠡᠳᠦ ᠵᠠᠷᠴᠢᠮ ᠪᠣᠯᠬᠤ ᠶᠢ ᠬᠦᠨᠵᠡᠭᠡᠢ ᠲᠠᠨᠢᠵᠤ᠂ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠳᠡᠢ ᠪᠠᠶᠢᠬᠤ ᠤᠬᠠᠮᠰᠠᠷ ᠢ ᠪᠠᠳᠤ ᠪᠠᠬᠢ ᠪᠤᠢ ᠪᠤᠯᠭᠠᠨ᠂ ᠨᠠᠮ ᠤᠨ ᠲᠦᠪ ᠬᠤᠷᠢᠶ᠎ᠠ ᠶᠢᠨ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠴᠢᠩᠭ᠋ᠠᠳᠬᠠᠬᠤ ᠪᠠ ᠬᠠᠮᠠᠭᠠᠯᠠᠬᠤ ᠶᠢ ᠵᠠᠪᠠᠯ ᠬᠦᠢᠴᠡᠳᠭᠡᠭᠦ ᠤᠯᠤᠰ ᠲᠦᠷᠦ ᠶᠢᠨ ᠬᠠᠷᠢᠭᠤᠴᠠᠯᠭ᠎ᠠ ᠪᠠ ᠵᠠᠪᠠᠯ ᠵᠢᠷᠤᠮᠯᠠᠬᠤ ᠰᠠᠬᠢᠯᠭ᠎ᠠ ᠪᠠᠳᠤ ᠶᠤᠰᠤ ᠲᠦᠷᠢᠮ ᠪᠤᠯᠭᠠᠵᠤ᠂ ᠰᠢ ᠶᠢᠨ ᠫᠢᠩ ᠨᠦᠬᠦᠷ ᠢᠶᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠦᠪᠯᠡᠷᠡᠩᠭᠦᠢ ᠨᠢᠭᠡᠳᠦᠯᠳᠡᠢ ᠣᠳᠣᠷᠢᠳᠣᠯᠭ᠎ᠠ ᠶᠢ ᠡᠷᠡᠰ ᠳᠠᠭᠠᠵᠣ᠂ ᠰᠢ ᠶᠢᠨ ᠫᠢᠩ ᠨᠦᠬᠦᠷ ᠤᠨ ᠨᠠᠮ ᠤᠨ ᠲᠦᠪ ᠬᠤᠷᠢᠶ᠎ᠠ ᠶᠢᠨ ᠭᠤᠣᠯᠯᠠᠭᠴᠢ᠂ ᠪᠦᠬᠦ ᠨᠠᠮ ᠤᠨ ᠭᠤᠤᠯᠯᠠᠬᠴᠢ ᠶᠢᠨ ᠪᠠᠶᠢᠷᠢ ᠰᠠᠭᠤᠷᠢ ᠶᠢ ᠡᠷᠡᠰ ᠬᠠᠮᠭᠠᠠᠯᠠᠵᠤ᠂ ᠨᠠᠮ ᠤᠨ ᠲᠦᠪ ᠬᠤᠷᠢᠶ᠎ᠠ ᠶᠢᠨ ᠡᠯ᠎ᠠ ᠵᠦᠢᠯ ᠤᠨ ᠴᠢᠭᠯᠡᠯᠳᠡ ᠲᠦᠷᠦ ᠶᠢᠨ ᠪᠤᠳᠤᠯᠭ᠎ᠠ ᠶᠢ ᠡᠷᠡᠰ ᠨᠡᠶᠢᠳᠡᠪᠦᠷᠢᠵᠢᠭᠤᠯᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠲᠡᠭᠡᠷ᠎ᠠ ᠪᠠᠨ ᠢᠮᠠᠬᠳᠠ ᠰᠢ ᠶᠢᠨ ᠫᠢᠩ ᠨᠦᠬᠦᠷ ᠢᠶᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠠ ᠪᠠᠷ ᠨᠢᠭᠡᠳᠦᠯᠳᠡᠢ ᠪᠠᠶᠢᠬᠤ ᠬᠡᠷᠡᠭᠳᠡᠢ᠃ ᠲᠦᠪ ᠤᠨ ᠤᠯᠤᠰ ᠲᠦᠷᠦ ᠶᠢᠨ ᠲᠤᠪᠴᠢᠶ᠎ᠠ ᠪᠠᠷ ᠪᠠᠷᠢᠮᠵᠢᠶ᠎ᠠ ᠪᠤᠯᠭᠠᠵᠣ᠂ ᠬᠡᠵᠢᠶᠡᠳᠡ ᠲᠠᠭᠤᠰᠤᠰᠢ ᠦᠭᠡᠢ ᠬᠠᠳᠠᠭᠤ ᠵᠤᠷᠢᠭ ᠢᠶᠡᠷ ᠰᠤᠷᠳᠠᠯ ᠢᠶᠡᠨ ᠰᠠᠶᠢᠵᠢᠷᠠᠭᠤᠯᠣᠨ ᠰᠤᠷᠳᠠᠯ ᠢᠶᠡᠨ ᠬᠤᠪᠢᠷᠠᠭᠤᠯᠬᠤ ᠶᠢ ᠴᠦᠭᠦᠷᠡᠯ ᠦᠭᠡᠢ ᠪᠠᠷᠢᠮᠳᠠᠯᠠᠵᠤ᠂ 《ᠲᠦᠷᠪᠠᠨ ᠰᠤᠷᠳᠠᠯ》 ᠤ᠋ᠨ ᠠᠰᠠᠭᠤᠳᠠᠯ ᠢ ᠦᠷᠭᠦᠯᠵᠢᠯᠡᠨ ᠶᠡᠭᠡᠪᠡᠷ ᠴᠡᠭᠴᠡᠯᠡᠨ ᠵᠠᠰᠠᠵᠤ᠂ ᠰᠤᠷᠳᠠᠯ ᠤᠨ ᠪᠠᠶᠢᠭᠤᠯᠤᠯᠳᠠ ᠲᠠᠰᠤᠷᠠᠯᠳᠠ ᠦᠭᠡᠢ ᠰᠢᠨ᠎ᠠ ᠠᠮᠵᠢᠯᠳᠡ ᠤᠯᠬᠤ ᠶᠢ ᠠᠬᠢᠭᠤᠯᠬᠤ ᠬᠡᠷᠡᠭᠳᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠡᠨᠡᠭᠦ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠶᠢ ᠬᠦᠴᠦ ᠣᠷᠣᠭᠤᠯᠣᠨ ᠰᠠᠶᠢᠳᠤᠷ ᠠᠳᠬᠤᠵᠤ᠂ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠰᠤᠷᠤᠯᠴᠠᠵᠤ᠂ ᠲᠦᠷᠦᠭᠦᠯᠡᠨ ᠲᠠᠶᠢᠯᠪᠤᠷᠢᠯᠠᠵᠤ᠂ ᠲᠦᠷᠦᠭᠦᠯᠡᠨ ᠠᠵᠢᠯᠯᠠᠵᠤ᠂ ᠰᠤᠷᠤᠯᠴᠠᠨ ᠮᠡᠳᠡᠭᠦ ᠨᠡᠪᠳᠡᠷᠡᠳᠡᠯ᠎ᠠ ᠤᠢᠢᠯᠠᠭᠠᠬᠤ ᠪᠤᠳᠠᠳᠠᠶᠢᠵᠢᠭᠤᠯᠬᠤ ᠲᠡᠭᠡᠷ᠎ᠠ ᠬᠦᠴᠦ ᠤᠷᠤᠭᠤᠯᠣᠨ᠂ ᠪᠤᠳᠠᠳᠤ ᠦᠷ᠎ᠠ ᠪᠦᠳᠦᠮᠵᠢ ᠤᠯᠵᠤ᠂ ᠲᠠᠷᠤᠢ ᠲᠦᠷᠭᠡᠨ ᠬᠠᠯᠠᠭᠤᠨ ᠦᠷᠨᠢᠯᠳᠡ ᠭᠠᠷᠭᠠᠵᠣ᠂ ᠲᠠᠰᠤᠷᠠᠯᠳᠠ ᠦᠭᠡᠢ ᠬᠦᠨᠵᠡᠭᠡᠶᠢᠷᠡᠭᠦᠯᠭᠦ ᠬᠡᠷᠡᠭᠳᠡᠢ ᠬᠡᠵᠤ ᠵᠢᠭᠠᠵᠤ ᠭᠠᠷᠭᠠᠪᠠ᠃

    ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠲᠡᠭᠦᠰᠦᠭᠡᠳ ᠨᠢᠭᠡ ᠯᠡ ᠭᠠᠷᠠᠭ ᠪᠣᠯᠣᠮᠠᠭᠴᠠ ᠶᠡᠷᠦᠩᠬᠡᠢ ᠱᠦᠵᠢ ᠰᠢ ᠶᠢᠨ ᠫᠢᠩ ᠲᠦᠪ ᠤᠨ ᠤᠯᠤᠰ ᠲᠦᠷᠦ ᠶᠢᠨ ᠲᠤᠪᠴᠢᠶ᠎ᠠ ᠶᠢᠨ ᠪᠠᠶᠢᠩᠭ᠋ᠤ ᠶᠢᠨ ᠬᠡᠰᠢᠭᠦᠳ ᠢ ᠲᠠᠭᠠᠭᠤᠯᠤᠨ ᠲᠤᠰᠬᠠᠢᠢᠯᠠᠨ ᠱᠠᠩᠬᠠᠢ ᠳᠠᠬᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠩᠬᠠᠳᠤᠭᠠᠷ ᠶᠡᠭᠡ ᠬᠤᠷᠠᠯ ᠬᠤᠷᠠᠯᠳᠤᠬᠰᠠᠨ ᠭᠠᠵᠠᠷ ᠪᠠ ᠵᠧᠵᠢᠶᠠᠩ ᠤᠨ ᠵᠢᠶᠠ ᠰᠢᠩ ᠤᠨ ᠨᠠᠨ ᠬᠤ ᠨᠠᠭᠤᠷ ᠤᠨ ᠤᠯᠠᠭᠠᠨ ᠤᠩᠭ᠋ᠤᠴᠠ ᠳ᠋ᠤ ᠪᠠᠷᠠᠳᠠᠵᠤ᠂ ᠰᠢᠨ᠎ᠠ ᠨᠢᠭᠡ ᠬᠤᠭᠤᠴᠠᠭᠠᠨ ᠤ ᠲᠦᠪ ᠤᠨ ᠤᠳᠤᠷᠢᠳᠬᠤ ᠬᠠᠮᠳᠤ ᠶᠢᠨ ᠡᠷᠡᠰ ᠪᠠᠳᠤ ᠤᠯᠤᠰ ᠲᠦᠷᠦ ᠶᠢᠨ ᠢᠳᠡᠭᠡᠯ ᠪᠢᠰᠢᠷᠠᠯ ᠢ ᠲᠦᠪ ᠴᠢᠩᠭ᠋᠎ᠠ ᠪᠡᠷ ᠲᠤᠩᠬᠠᠬᠯᠠᠵᠤ᠂ ᠪᠦᠬᠦ ᠨᠠᠮ ᠤᠨ ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠡᠭᠦᠷᠢᠳᠡ ᠲᠡᠮᠡᠴᠡᠭᠦ ᠶᠢ ᠣᠷᠮᠠᠰᠢᠭᠤᠯᠣᠨ ᠵᠣᠷᠢᠭᠵᠢᠭᠤᠯᠬᠤ ᠳᠤ ᠲᠦᠢᠯ ᠤᠨ ᠴᠢᠬᠤᠯᠠ ᠠᠴᠢ ᠬᠤᠯᠪᠤᠬᠳᠠᠯ ᠲᠠᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠲᠠᠢ ᠤᠶᠠᠯᠳᠤᠭᠤᠯᠵᠤ᠂ ᠪᠦᠬᠦ ᠤᠷᠤᠨ ᠤ ᠦᠷᠭᠡᠨ ᠤᠯᠠᠨ ᠨᠠᠮ ᠤᠨ ᠬᠡᠰᠢᠭᠦᠨ ᠺᠠᠳ᠋ᠷᠴᠤᠳ ᠢ ᠬᠦᠮᠦᠵᠢᠭᠦᠯᠦᠨ ᠬᠦᠳᠦᠯᠦᠨ ᠵᠢᠯᠣᠭᠤᠳᠴᠣ ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠤᠨ ᠴᠢᠩ ᠦᠨᠡᠨ ᠰᠡᠳᠬᠢᠯ ᠤᠨ ᠰᠤᠷᠭᠠᠯ ᠢ ᠢᠮᠠᠬᠳᠠ ᠪᠠᠳᠤ ᠴᠡᠭᠡᠵᠢᠯᠡᠭᠦᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠢᠨᠠᠮᠭᠠᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠡᠪ ᠬᠠᠮᠳᠤ ᠶᠤᠰᠤᠨ ᠤ ᠠᠯᠤᠰ ᠤᠨ ᠬᠦᠰᠡᠯᠡᠩ ᠢ ᠪᠠᠳᠤ ᠴᠡᠭᠡᠵᠢᠯᠡᠭᠦᠯᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠠᠮᠳᠤ ᠶᠢᠨ ᠬᠦᠰᠡᠯᠡᠩ ᠢ ᠪᠠᠳᠤᠳᠬᠠᠵᠤ᠂ ᠨᠠᠮ ᠳᠤ ᠤᠷᠤᠬᠤ ᠲᠠᠩᠭ᠋ᠠᠷᠢᠭ ᠢ ᠨᠢ ᠪᠠᠳᠤ ᠴᠡᠭᠡᠵᠢᠯᠡᠭᠦᠯᠵᠤ᠂ ᠨᠠᠮ ᠤᠨ ᠲᠡᠮᠡᠴᠡᠯ ᠤᠨ ᠲᠡᠤᠭᠡᠨ ᠶᠠᠪᠤᠴᠠ ᠶᠢ ᠪᠠᠳᠤ ᠴᠡᠭᠡᠵᠢᠯᠡᠭᠦᠯᠵᠤ᠂ ᠪᠦᠬᠦ ᠰᠡᠳᠬᠢᠯ ᠪᠦᠬᠦ ᠵᠤᠷᠢᠭ ᠢᠶᠡᠷ ᠠᠷᠠᠳ ᠲᠦᠮᠡᠨ ᠳᠤ ᠦᠢᠯᠡᠴᠢᠯᠡᠭᠦ ᠦᠨᠳᠦᠰᠦᠨ ᠵᠤᠷᠢᠯᠳᠠ ᠶᠢ ᠪᠠᠳᠤ ᠴᠡᠭᠡᠵᠢᠯᠡᠭᠦᠯᠵᠦ᠂《ᠣᠷᠢᠳ ᠡᠮᠦᠨ᠎ᠡ ᠪᠠᠶᠢᠭ᠎ᠠ ᠦᠭᠡᠢ᠂ ᠪᠣᠰᠣᠳ ᠠᠴᠠ ᠲᠡᠷᠢᠭᠦᠯᠡᠭᠦ ᠡᠭᠦᠳᠦᠨ ᠪᠦᠳᠦᠭᠡᠭᠦ ᠵᠤᠷᠢᠭ ᠰᠠᠨᠠᠭ᠎ᠠ᠂ ᠬᠦᠰᠡᠯᠡᠩ ᠢᠶᠡᠨ ᠪᠠᠳᠤᠳᠬᠠᠵᠤ᠂ ᠨᠤᠭᠤᠷᠠᠰᠢ ᠦᠭᠡᠢ ᠲᠡᠮᠡᠴᠡᠭᠦ ᠵᠤᠷᠢᠭ ᠰᠠᠨᠠᠭ᠎ᠠ᠂ ᠨᠡᠶᠢᠳᠡ ᠶᠢᠨ ᠲᠦᠯᠦᠭᠡ ᠨᠠᠮ ᠪᠠᠶᠢᠭᠤᠯᠵᠤ᠂ ᠦᠨᠡᠨᠴᠢ ᠰᠢᠳᠣᠷᠭᠤ ᠪᠠᠷ ᠠᠷᠠᠳ ᠲᠦᠮᠡᠨ ᠤ ᠲᠦᠯᠦᠭᠡ ᠵᠢᠳᠭᠦᠭᠦ ᠵᠤᠷᠢᠭ ᠰᠠᠨᠠᠭ᠎ᠠ》 ᠪᠠᠷ ᠭᠤᠤᠯ ᠠᠭᠤᠯᠭ᠎ᠠ ᠪᠤᠯᠭᠠᠬᠰᠠᠨ《ᠤᠯᠠᠭᠠᠨ ᠤᠩᠭ᠋ᠤᠴᠠ ᠶᠢᠨ ᠵᠤᠷᠢᠭ ᠰᠠᠨᠠᠭ᠎ᠠ》 ᠶ᠋ᠢ ᠶᠡᠭᠡᠪᠡᠷ ᠪᠠᠳᠠᠷᠠᠭᠤᠯᠵᠤ᠂ ᠢᠮᠠᠬᠳᠠ ᠲᠠᠷᠤᠦ ᠬᠢᠴᠢᠶᠡᠩᠭᠦᠢ᠂ ᠪᠠᠷᠳᠠᠮᠨᠠᠬᠤ ᠦᠭᠡᠢ ᠪᠠᠴᠢᠮᠳᠠᠬᠤ ᠦᠭᠡᠢ ᠰᠤᠷᠳᠠᠯ ᠢ ᠪᠠᠷᠢᠮᠳᠠᠯᠠᠵᠤ᠂ ᠬᠦᠴᠢᠷ ᠪᠡᠷᠭᠡᠰᠢᠶᠡᠯ ᠠᠴᠠ ᠠᠶᠤᠬᠤ ᠦᠭᠡᠢ᠂ ᠦᠷᠡᠭᠳᠡᠯ ᠰᠦᠢᠳᠦᠯ ᠠᠴᠠ ᠠᠶᠤᠬᠤ ᠦᠭᠡᠢ᠂ ᠪᠦᠯᠬᠦᠮᠳᠡᠨ ᠨᠢᠭᠡᠳᠴᠦ᠂ ᠰᠢᠷᠭᠠᠭᠤ ᠬᠠᠳᠠᠭᠤᠵᠢᠯᠳᠠᠢ ᠦᠨᠡᠨ ᠪᠤᠳᠠᠳᠠᠢ ᠪᠠᠷ ᠠᠵᠢᠯᠯᠠᠵᠤ᠂ ᠨᠠᠮ ᠤᠨ ᠡᠷᠬᠢᠮ ᠲᠡᠭᠡᠳᠦ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠳᠤᠷ ᠡᠭᠦᠷᠭᠡᠯᠡᠨ᠂ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠲᠠᠭᠠᠭᠤᠯᠵᠤ ᠨᠡᠩ ᠰᠠᠶᠢᠨ ᠰᠠᠶᠢᠬᠠᠨ ᠠᠮᠢᠳᠤᠷᠠᠯ ᠢ ᠡᠭᠦᠳᠦᠨ ᠪᠦᠳᠦᠭᠡᠵᠤ᠂《ᠦᠵᠡᠰᠭᠦᠯᠡᠩᠳᠦ ᠰᠠᠶᠢᠬᠠᠨ ᠦᠪᠦᠷ ᠮᠤᠩᠭ᠋ᠤᠯ ᠢᠶᠡᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ》 ᠶ᠋ᠢᠨ ᠲᠦᠯᠦᠭᠡ ᠴᠦᠭᠦᠷᠡᠯ ᠦᠭᠡᠢ ᠲᠡᠮᠡᠴᠡᠭᠦ ᠬᠡᠷᠡᠭᠳᠡᠢ ᠬᠡᠵᠤ ᠵᠢᠭᠠᠵᠤ ᠭᠠᠷᠭᠠᠪᠠ᠃

    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121895523