蒙古文网站Logo
ᠰᠢᠨᠬᠤᠸᠠ ᠮᠤᠩᠭ᠋ᠤᠯ ᠨᠧᠲ

ᠪᠦ᠋ ᠰᠢᠶᠤᠤ ᠯᠢᠨ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ 《 ᠦᠵᠡᠰᠭᠦᠯᠡᠩᠳᠦ ᠰᠠᠶᠢᠬᠠᠨ ᠦᠪᠦᠷ ᠮᠤᠩᠭ᠋ᠤᠯ ᠶᠢᠡᠨ ᠪᠦᠳᠦᠭᠡᠨ ᠪᠠᠶᠢᠭᠤᠯᠵᠤ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ》 ᠳᠤ ᠬᠦᠴᠦᠨ ᠴᠢᠳᠠᠯ ᠢᠶᠠᠨ ᠡᠷᠭᠦᠭᠦ ᠬᠡᠷᠡᠭᠳᠡᠢ

2017-11-03 18:31

    11 ᠰᠠᠷ᠎ᠠ ᠶᠢᠨ 2 ᠤᠨ ᠡᠳᠦᠷ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠦᠷ ᠮᠤᠩᠭ᠋ᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠦᠪᠦᠷ ᠮᠤᠩᠭ᠋ᠤᠯ ᠤᠨ ᠠᠨᠠᠭᠠᠬᠤ ᠣᠬᠠᠭᠠᠨ ᠤ ᠶᠡᠭᠡ ᠰᠤᠷᠭᠠᠭᠤᠯᠢ ᠳᠤ ᠬᠦᠷᠴᠦ ᠪᠠᠶᠢᠴᠠᠭᠠᠨ ᠰᠤᠳᠤᠯᠬᠤ ᠳᠠᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠴᠢᠳᠠᠪᠤᠷᠢᠳᠠᠨ ᠢ ᠬᠦᠮᠦᠵᠢᠭᠦᠯᠭᠦ ᠪᠠᠶᠢᠭᠤᠯᠤᠮᠵᠢ ᠲᠤᠬᠳᠠᠴᠠ ᠶᠢ ᠲᠡᠭᠦᠯᠳᠡᠷᠵᠢᠭᠦᠯᠦᠨ᠂ ᠦᠢᠯᠡᠳᠪᠦᠷᠢᠯᠡᠯ ᠵᠢᠭᠠᠨ ᠰᠣᠷᠭᠠᠯᠳᠠ ᠰᠤᠳᠤᠯᠭᠠᠨ ᠤ ᠬᠦᠨᠵᠡᠭᠡᠢ ᠠᠭᠤᠰᠤᠯᠴᠠᠯ ᠢ ᠠᠬᠢᠭᠤᠯᠵᠤ᠂ ᠶᠡᠭᠡ ᠲᠡᠭᠡᠳᠦ ᠰᠤᠷᠭᠠᠭᠤᠯᠢ ᠶᠢᠨ ᠰᠤᠷᠭᠠᠨ ᠬᠦᠮᠦᠵᠢᠯ ᠤᠨ ᠲᠤᠳᠤᠭᠠᠳᠦ ᠠᠭᠤᠯᠬᠤᠨ ᠤ ᠬᠡᠯᠪᠡᠷᠢ ᠶᠢᠨ ᠬᠦᠭ᠍ᠵᠢᠯᠳᠡ ᠶᠢ ᠪᠡᠶᠡᠯᠡᠭᠦᠯᠵᠤ᠂《ᠦᠵᠡᠰᠭᠦᠯᠡᠩᠳᠦ ᠰᠠᠶᠢᠬᠠᠨ ᠦᠪᠦᠷ ᠮᠤᠩᠭ᠋ᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ》 ᠳ᠋ᠤ ᠬᠦᠴᠦᠨ ᠴᠢᠳᠠᠯ ᠢᠶᠠᠨ ᠡᠷᠭᠦᠭᠦ ᠬᠡᠷᠡᠭᠳᠡᠢ ᠬᠡᠵᠤ ᠴᠢᠬᠤᠯᠠᠴᠢᠯᠠᠪᠠ᠃

    ᠦᠪᠦᠷ ᠮᠤᠩᠭ᠋ᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠪᠤᠯ ᠦᠪᠡᠷᠳᠡᠭᠡᠨ ᠵᠠᠰᠠᠬᠤ ᠤᠷᠤᠨ ᠤ ᠬᠠᠮᠤᠭ ᠤᠨ ᠡᠷᠳᠡ ᠪᠠᠶᠢᠭᠤᠯᠤᠬᠳᠠᠬᠰᠠᠨ ᠵᠢᠩᠬᠢᠨᠢ ᠠᠩᠬᠢ ᠶᠢᠨ ᠶᠡᠭᠡ ᠲᠡᠭᠡᠳᠦ ᠰᠤᠷᠭᠠᠭᠤᠯᠢ ᠪᠤᠯᠤᠨ᠎ᠠ᠃ ᠦᠪᠦᠷ ᠮᠤᠩᠭ᠋ᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠡᠤᠭᠡ ᠶᠢᠨ ᠦᠵᠡᠰᠭᠦᠯᠡᠩ ᠤᠨ ᠤᠷᠳᠤᠨ᠂ ᠦᠪᠡᠷᠳᠡᠭᠡᠨ ᠵᠠᠰᠠᠬᠤ ᠤᠷᠤᠨ ᠤ ᠠᠮᠢᠳᠠᠨ ᠤ ᠤᠳᠤᠮᠯᠠᠯ ᠤᠨ ᠡᠭᠦᠯᠳᠡᠷ ᠪᠤᠶᠢᠵᠢᠭᠤᠯᠬᠤ ᠬᠢᠭᠡᠳ ᠦᠷᠡᠵᠢᠭᠦᠯᠭᠦ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ᠂ ᠤᠷᠭᠤᠮᠠᠯ ᠤᠨ ᠬᠡᠪ ᠦᠯᠢᠭᠡᠷ ᠤᠨ ᠤᠷᠳᠤᠨ ᠵᠡᠷᠭᠡ ᠭᠠᠵᠠᠷ ᠲᠤ ᠪᠦ᠋ ᠰᠢᠶᠤᠤ ᠯᠢᠨ ᠰᠤᠷᠭᠠᠭᠤᠯᠢ ᠶᠢᠨ ᠬᠦᠭ᠍ᠵᠢᠯᠳᠡ ᠶᠢᠨ ᠲᠠᠤᠭᠡᠨ ᠶᠠᠪᠤᠴᠠ᠂ ᠬᠢᠴᠢᠶᠡᠯ ᠰᠢᠨᠵᠢᠯᠡᠭᠡᠨ ᠤ ᠪᠠᠶᠢᠭᠤᠯᠤᠯᠳᠠ᠂ ᠴᠢᠳᠠᠪᠤᠷᠢᠳᠠᠨ ᠬᠦᠮᠦᠵᠢᠭᠦᠯᠬᠦ ᠠᠵᠢᠯ᠂ ᠤᠷᠭᠤᠮᠠᠯ ᠤᠨ ᠬᠡᠪ ᠦᠯᠢᠭᠡᠷ ᠢ ᠬᠠᠳᠠᠭᠠᠯᠠᠵᠣ ᠪᠠᠶᠢᠭ᠎ᠠ ᠪᠠᠶᠢᠳᠠᠯ ᠵᠡᠷᠭᠡ ᠶᠢ ᠨᠠᠷᠢᠨ ᠤᠢᠢᠯᠠᠭᠠᠵᠤ᠂ ᠦᠪᠦᠷ ᠮᠤᠩᠭ᠋ᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠵᠢᠭᠠᠨ ᠰᠤᠷᠭᠠᠯᠳᠠ ᠰᠢᠨᠵᠢᠯᠡᠭᠦ ᠤᠠᠬᠭᠠᠨ ᠰᠤᠳᠤᠯᠭᠠᠨ ᠤ ᠦᠷ᠎ᠠ ᠪᠦᠳᠦᠭᠡᠯ ᠢ ᠬᠦᠢᠴᠡᠳ ᠨᠤᠳᠠᠯᠠᠪᠠ᠃ ᠲᠡᠷᠡ᠂ ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠠᠯᠳᠠ ᠪᠤᠯ ᠦᠪᠡᠷᠳᠡᠭᠡᠨ ᠵᠠᠰᠠᠬᠤ ᠤᠷᠤᠨ ᠤ ᠨᠢᠭᠡᠨ ᠴᠢᠬᠤᠯᠠ ᠰᠣᠳᠣᠯᠭᠠᠨ ᠤ ᠰᠡᠳᠦᠪ ᠪᠣᠯᠣᠨ᠎ᠠ᠂ ᠦᠪᠦᠷ ᠮᠤᠩᠭ᠋ᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠡᠨᠡ ᠲᠠᠯ᠎ᠠ ᠪᠠᠷ ᠴᠢᠬᠤᠯᠠ ᠬᠠᠷᠢᠭᠤᠴᠠᠯᠭ᠎ᠠ ᠡᠭᠦᠷᠭᠡᠯᠡᠵᠤ ᠪᠤᠢ᠃ ᠬᠠᠮᠢᠶ᠎ᠠ ᠪᠦᠬᠦᠢ ᠰᠠᠯᠠᠭ᠎ᠠ ᠮᠦᠴᠢᠷ ᠰᠤᠷᠭᠠᠭᠤᠯᠢ ᠲᠠᠢ ᠬᠠᠮᠳᠣᠪᠠᠷ ᠰᠠᠶᠢᠨ ᠰᠠᠶᠢᠬᠠᠨ ᠬᠦᠮᠦᠨ ᠰᠤᠩᠭ᠋ᠤᠨ ᠬᠦᠮᠦᠨ ᠬᠡᠷᠡᠭᠯᠡᠭᠦ ᠲᠠᠪᠴᠠᠩ ᠢ ᠪᠠᠶᠢᠭᠤᠯᠵᠤ᠂ ᠦᠷᠭᠡᠨ ᠤᠯᠠᠨ ᠲᠡᠭᠦᠰᠦᠭᠰᠡᠨ ᠤᠶᠤᠳᠠᠨ ᠤ ᠦᠢᠯᠡᠳᠦᠯ ᠢ ᠬᠦᠢᠴᠡᠳ ᠪᠠᠳᠠᠷᠠᠭᠤᠯᠵᠤ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠬᠦᠭ᠍ᠵᠢᠯᠳᠡ ᠶᠢᠨ ᠬᠡᠷᠡᠭᠴᠡᠭᠡ ᠶᠢ ᠬᠠᠩᠭ᠋ᠠᠬᠤ ᠬᠡᠷᠡᠭᠳᠡᠢ᠃ ᠲᠠᠷᠢᠶᠠᠯᠠᠩ ᠤᠨ ᠶᠡᠭᠡ ᠰᠤᠷᠭᠠᠭᠤᠯᠢ ᠶᠢᠨ ᠡᠭᠦᠯᠡᠨ ᠮᠠᠯ ᠠᠵᠤ ᠠᠬᠤᠢ ᠶᠢᠨ ᠲᠤᠷᠰᠢᠯᠳᠠ ᠶᠢᠨ ᠲᠠᠰᠤᠭ ᠪᠠ ᠠᠳᠤᠭᠤᠨ ᠤ ᠲᠦᠷᠦᠯ ᠤᠨ ᠠᠮᠢᠳᠠᠨ ᠤ ᠤᠳᠤᠮᠯᠠᠯ ᠤᠨ ᠡᠭᠦᠯᠳᠡᠷ ᠪᠤᠶᠢᠵᠢᠭᠤᠯᠬᠤ ᠲᠤᠷᠰᠢᠯᠳᠠ ᠶᠢᠨ ᠲᠠᠰᠤᠭ ᠲᠤ᠂ ᠪᠦ᠋ ᠰᠢᠶᠤᠤ ᠯᠢᠨ ᠰᠤᠷᠭᠠᠭᠤᠯᠢ ᠪᠤᠯᠤᠨ ᠠᠵᠤ ᠠᠬᠤᠢᠢᠯᠠᠯ  ᠬᠠᠮᠳᠤᠷᠠᠨ ᠨᠡᠭᠡᠭᠡᠨ ᠬᠦᠭ᠍ᠵᠢᠭᠦᠯᠦᠭᠰᠡᠨ ᠡᠭᠦᠯᠡᠨ ᠮᠠᠯ ᠠᠵᠤ ᠠᠬᠤᠢ ᠶᠢᠨ ᠰᠢᠨ᠎ᠠ ᠶᠢ ᠡᠭᠦᠳᠭᠦ ᠲᠠᠪᠴᠠᠩ ᠤᠨ ᠦᠵᠡᠭᠦᠯᠦᠯᠭᠡ ᠶᠢ ᠬᠢᠨᠠᠮᠠᠭᠠᠢ ᠰᠤᠨᠢᠷᠬᠠᠵᠤ᠂ ᠠᠳᠤᠭᠤᠨ ᠤ ᠲᠦᠷᠦᠯ ᠤᠨ ᠠᠮᠢᠳᠠᠨ ᠤ ᠦᠷ᠎ᠠ ᠶᠢᠨ ᠡᠬᠢ ᠪᠠᠶᠠᠯᠢᠭ ᠤᠨ ᠰᠢᠨ᠎ᠠ ᠶᠢ ᠡᠭᠦᠳᠭᠦ ᠬᠢᠭᠡᠳ ᠤᠳᠤᠮᠯᠠᠯ ᠤᠨ ᠡᠭᠦᠯᠳᠡᠷ ᠰᠠᠶᠢᠵᠢᠷᠠᠭᠤᠯᠬᠤ ᠰᠢᠨ᠎ᠠ ᠶᠢ ᠡᠭᠦᠳᠭᠦ ᠪᠦᠯᠬᠦᠮ ᠤᠨ ᠠᠳᠤᠭᠤᠨ ᠤ ᠰᠢᠨᠵᠢᠯᠡᠭᠦ ᠤᠬᠠᠭᠠᠨ᠂ ᠠᠳᠤᠭᠤᠨ ᠤ ᠠᠵᠤ ᠦᠢᠯᠡᠰ ᠵᠢᠴᠢ ᠠᠳᠤᠭᠤᠨ ᠰᠤᠶᠤᠯ ᠵᠡᠷᠭᠡ ᠬᠦᠷᠢᠶᠡᠨ ᠳᠠᠬᠢ ᠶᠡᠷᠦᠩᠬᠡᠶᠢᠯᠡᠭᠰᠡᠨ ᠰᠤᠳᠤᠯᠭᠠᠨ ᠤ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠪᠠ᠃ ᠪᠦ᠋ ᠰᠢᠶᠤᠤ ᠯᠢᠨ ᠰᠢᠨᠵᠢᠯᠡᠬᠦ ᠣᠬᠠᠭᠠᠨ ᠤ ᠰᠣᠳᠣᠯᠭᠠᠨ ᠤ ᠠᠵᠢᠯᠳᠠᠳ ᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠤᠰᠤᠭᠠᠷ ᠦᠢᠯᠡᠳᠪᠦᠷᠢᠯᠡᠯ ᠵᠢᠭᠠᠨ ᠰᠣᠷᠭᠠᠯᠳᠠ ᠰᠤᠳᠤᠯᠭᠠᠨ ᠤ ᠬᠦᠨᠵᠡᠭᠡᠢ ᠠᠭᠤᠰᠤᠯᠴᠠᠯ ᠢ ᠴᠢᠷᠮᠠᠶᠢᠨ ᠪᠡᠶᠡᠯᠡᠭᠦᠯᠵᠤ᠂ ᠰᠢᠨᠵᠢᠯᠡᠬᠦ ᠣᠬᠠᠭᠠᠨ ᠤ ᠰᠤᠳᠤᠯᠭᠠᠨ ᠤ ᠦᠷ᠎ᠠ ᠪᠦᠳᠦᠭᠡᠯ ᠢᠶᠠᠷ ᠨᠡᠩ ᠶᠡᠭᠡ ᠠᠵᠤ ᠠᠬᠤᠢ ᠶᠢᠨ ᠦᠷ᠎ᠠ ᠠᠰᠢᠭ ᠪᠤᠯᠤᠨ ᠨᠡᠶᠢᠭᠡᠮ ᠤᠨ ᠦᠷ᠎ᠠ ᠠᠰᠢᠭ ᠡᠭᠦᠳᠦᠭᠦᠯᠦᠭᠡᠷᠡᠢ ᠬᠡᠵᠤ ᠵᠤᠷᠢᠬᠵᠢᠭᠤᠯᠪᠠ᠃

    ᠦᠪᠦᠷ ᠮᠤᠩᠭ᠋ᠤᠯ ᠤᠨ ᠠᠨᠠᠭᠠᠬᠤ ᠣᠬᠠᠭᠠᠨ ᠤ ᠶᠡᠭᠡ ᠰᠤᠷᠭᠠᠭᠤᠯᠢ ᠪᠤᠯ ᠠᠨᠠᠭᠠᠬᠤ ᠤᠬᠠᠭᠠᠨ ᠢᠶᠠᠷ ᠭᠤᠤᠯ ᠪᠤᠯᠭᠠᠵᠤ᠂ ᠶᠣᠰᠣᠨ ᠤ ᠤᠬᠠᠭᠠᠨ᠂ ᠬᠠᠮᠢᠶᠠᠷᠤᠯᠳᠠ ᠶᠢᠨ ᠤᠬᠠᠭᠠᠨ᠂ ᠢᠨᠵᠧᠨᠧᠷᠢᠩ ᠤᠨ ᠤᠬᠠᠭᠠᠨ᠂ ᠤᠳᠬ᠎ᠠ ᠵᠤᠬᠢᠶᠠᠯ᠂ ᠬᠠᠤᠯᠢ ᠶᠢᠨ ᠤᠬᠠᠭᠠᠨ ᠢ ᠨᠢᠭᠡ ᠴᠤᠬᠴᠠᠵᠢᠭᠤᠯᠤᠬᠰᠠᠨ ᠤᠯᠠᠨ ᠰᠢᠨᠵᠢᠯᠡᠭᠡᠨ ᠤ ᠴᠢᠨᠠᠷᠳᠠᠢ ᠲᠡᠭᠡᠳᠦ ᠵᠡᠷᠭᠡ ᠶᠢᠨ ᠠᠨᠠᠭᠠᠬᠤ ᠣᠬᠠᠭᠠᠨ ᠤ ᠳᠡᠭᠡᠳᠦ ᠰᠤᠷᠭᠠᠭᠤᠯᠢ ᠶᠤᠮ᠃ ᠳᠣᠰ ᠰᠤᠷᠭᠠᠭᠤᠯᠢ ᠶᠢᠨ ᠪᠠᠶᠢᠭᠤᠯᠤᠬᠰᠠᠨ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭ᠋ᠤᠯ ᠡᠮ ᠡᠮᠨᠡᠯᠭᠡ ᠶᠢᠨ ᠮᠦᠽᠸᠢ ᠪᠤᠯ ᠤᠳᠤᠬᠠᠨ ᠳᠠᠭᠠᠨ ᠪᠦᠬᠦ ᠤᠯᠤᠰ ᠳᠠᠬᠢ ᠬᠡᠪᠴᠢᠶ᠎ᠡ ᠪᠠᠷ ᠬᠠᠮᠤᠭ ᠤᠨ ᠶᠡᠭᠡ ᠮᠤᠩᠭ᠋ᠤᠯ ᠡᠮ ᠡᠮᠨᠡᠯᠭᠡ ᠶᠢᠨ ᠲᠤᠰᠬᠠᠢ ᠮᠦᠽᠸᠢ ᠪᠠ ᠮᠤᠩᠭ᠋ᠤᠯ ᠡᠮ ᠡᠮᠨᠡᠯᠭᠡ ᠶᠢᠨ ᠰᠤᠶᠤᠯ ᠤᠨ ᠬᠦᠮᠦᠵᠢᠯ ᠤᠨ ᠰᠠᠭᠤᠷᠢᠨ ᠪᠤᠯᠤᠨ᠎ᠠ᠃ ᠪᠦ᠋ ᠰᠢᠶᠤᠤ ᠯᠢᠨ ᠤᠷᠢᠳ ᠬᠤᠵᠢᠳ ᠠᠨᠠᠭᠠᠬᠤ ᠣᠬᠠᠭᠠᠨ ᠤ ᠶᠡᠭᠡ ᠰᠤᠷᠭᠠᠭᠤᠯᠢ ᠶᠢᠨ ᠲᠡᠤᠭᠡ ᠶᠢᠨ ᠤᠷᠳᠤᠨ᠂ ᠮᠤᠩᠭ᠋ᠤᠯ ᠡᠮ ᠡᠮᠨᠡᠯᠭᠡ ᠶᠢᠨ ᠮᠦᠽᠸᠢ᠂ ᠮᠤᠩᠭ᠋ᠤᠯ ᠡᠮᠨᠡᠯᠭᠡ ᠶᠢᠨ ᠤᠯᠠᠮᠵᠢᠯᠠᠯᠳᠦ ᠵᠠᠰᠠᠯ ᠤᠨ ᠲᠤᠷᠰᠢᠯᠳᠠ ᠶᠢᠨ ᠲᠦᠪ ᠪᠠ ᠮᠤᠩᠭ᠋ᠤᠯ ᠡᠮ ᠨᠠᠶᠢᠷᠠᠬᠤ ᠲᠤᠷᠰᠢᠯᠳᠠ ᠶᠢᠨ ᠲᠦᠪ ᠵᠡᠷᠭᠡ ᠭᠠᠵᠠᠷ ᠬᠦᠷᠴᠤ᠂ ᠳᠣᠰ ᠰᠣᠷᠭᠠᠭᠤᠯᠢ ᠶᠢᠨ ᠰᠤᠷᠭᠠᠭᠤᠯᠢ ᠡᠷᠬᠢᠯᠡᠭᠰᠡᠨ ᠲᠡᠤᠭᠡᠨ ᠶᠠᠪᠤᠴᠠ ᠪᠤᠯᠤᠨ ᠮᠤᠩᠭ᠋ᠤᠯ ᠡᠮ ᠡᠮᠨᠡᠯᠭᠡ ᠶᠢ ᠤᠯᠠᠮᠵᠢᠯᠠᠨ ᠬᠦᠭ᠍ᠵᠢᠭᠦᠯᠦᠭᠰᠡᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠤᠨᠤᠰᠴᠤ᠂ ᠳᠣᠮᠣ ᠲᠡᠯᠭᠡᠴᠡ ᠪᠠᠷ ᠲᠠᠮᠵᠢᠭᠤᠯᠣᠨ ᠮᠤᠩᠭ᠋ᠤᠯ ᠡᠮᠨᠡᠯᠭᠡ ᠶᠢᠨ ᠤᠬᠠᠭᠠᠨ ᠤ ᠳᠠᠭᠤᠷᠢᠶᠠᠮᠠᠯ ᠵᠢᠭᠠᠨ ᠰᠤᠷᠭᠠᠯᠳᠠ ᠶᠢ ᠰᠤᠨᠢᠷᠬᠠᠵᠤ᠂ ᠮᠤᠩᠭ᠋ᠤᠯ ᠡᠮᠨᠡᠯᠭᠡ ᠶᠢᠨ ᠤᠯᠠᠮᠵᠢᠯᠠᠯᠳᠦ ᠵᠠᠰᠠᠯ ᠤᠨ ᠡᠮᠴᠢᠯᠡᠨ ᠵᠠᠰᠠᠬᠤ ᠠᠷᠭ᠎ᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠤ᠂ ᠮᠤᠩᠭ᠋ᠤᠯ ᠡᠮ ᠢ ᠰᠤᠳᠤᠯᠤᠨ ᠨᠡᠭᠡᠭᠡᠵᠦ ᠬᠡᠷᠡᠭᠯᠡᠵᠦ ᠪᠠᠶᠢᠭ᠎ᠠ ᠪᠠᠶᠢᠳᠠᠯ ᠢ ᠤᠢᠢᠯᠠᠭᠠᠪᠠ᠃ ᠲᠡᠷᠡ᠂ ᠮᠤᠩᠭ᠋ᠤᠯ ᠡᠮ ᠡᠮᠨᠡᠯᠭᠡ ᠦᠨᠢ ᠤᠳᠠᠭᠠᠨ ᠲᠡᠤᠭᠡ ᠲᠠᠢ᠂ ᠮᠤᠩᠭ᠋ᠤᠯ ᠡᠮ ᠡᠮᠨᠡᠯᠭᠡ ᠶᠢᠨ ᠬᠢᠴᠢᠶᠡᠯ ᠰᠢᠨᠵᠢᠯᠡᠭᠡᠨ ᠤ ᠪᠠᠶᠢᠭᠤᠯᠤᠯᠳᠠ ᠶᠢ ᠴᠢᠩᠭ᠋ᠠᠳᠬᠠᠵᠤ᠂ ᠦᠢᠯᠡᠳᠪᠦᠷᠢᠯᠡᠯ ᠵᠢᠭᠠᠨ ᠰᠣᠷᠭᠠᠯᠳᠠ ᠰᠤᠳᠤᠯᠭᠠᠨ ᠤ ᠬᠦᠨᠵᠡᠭᠡᠢ ᠠᠭᠤᠰᠤᠯᠴᠠᠯ ᠢ ᠴᠢᠨᠠᠬᠰᠢᠳᠠ ᠬᠦᠨᠵᠡᠭᠡᠶᠢᠷᠡᠭᠦᠯᠵᠤ᠂ ᠦᠪᠡᠷᠳᠡᠭᠡᠨ ᠵᠠᠰᠠᠬᠤ ᠤᠷᠤᠨ ᠤ ᠮᠤᠩᠭ᠋ᠤᠯ ᠡᠮ ᠡᠮᠨᠡᠯᠭᠡ ᠶᠢᠨ ᠠᠵᠤ ᠦᠢᠯᠡᠰ ᠤᠨ ᠮᠠᠨᠳᠤᠯᠳᠠ ᠬᠦᠭ᠍ᠵᠢᠯᠳᠡ ᠶᠢ ᠠᠬᠢᠭᠤᠯᠬᠤ ᠬᠡᠷᠡᠭᠳᠡᠢ ᠬᠡᠵᠤ ᠵᠢᠭᠠᠵᠤ ᠭᠠᠷᠭᠠᠪᠠ᠃

    ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠪᠠᠷ᠎ᠠ ᠪᠤᠯᠵᠤ ᠪᠠᠶᠢᠴᠠᠭᠠᠨ ᠰᠤᠳᠤᠯᠪᠠ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121902969