蒙古文网站Logo
ᠰᠢᠨᠬᠤᠸᠠ ᠮᠤᠩᠭ᠋ᠤᠯ ᠨᠧᠲ

ᠯᠢ ᠵᠢᠢ ᠡᠾᠧᠩ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠠᠵᠢᠯ ᠢᠶᠠᠨ ᠰᠠᠶᠢᠳᠤᠷ ᠬᠢᠭᠦ ᠶᠢᠨ ᠬᠦᠴᠦᠷᠭᠡᠭ᠌ ᠶᠡᠭᠡ ᠬᠦᠳᠡᠯᠭᠡᠭ᠍ᠴᠢ ᠬᠦᠴᠦᠨ ᠪᠤᠯᠤᠨ ᠠᠮᠢᠳᠤᠯᠢᠭ ᠦᠢᠯᠡᠳᠦᠯᠭᠡ ᠪᠤᠯᠭᠠᠨ ᠬᠤᠪᠢᠷᠠᠭᠤᠯᠬᠤ ᠬᠡᠷᠡᠭᠳᠡᠢ

2017-11-03 18:38

    11 ᠰᠠᠷ᠎ᠠ ᠶᠢᠨ 2 ᠤᠨ ᠦᠳᠡ ᠶᠢᠨ ᠬᠤᠶᠢᠨ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠦᠪᠡᠷ ᠤᠨ ᠪᠠᠶᠢᠭ᠎ᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠶᠡᠷᠦᠩᠬᠡᠶᠢᠯᠡᠭᠰᠡᠨ ᠨᠢᠭᠡᠳᠦᠭᠡᠷ ᠭᠠᠵᠠᠷ ᠤᠨ ᠨᠠᠮ ᠤᠨ ᠡᠭᠦᠷ ᠤᠨ ᠢᠶᠠᠨ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠳᠤ ᠤᠷᠤᠯᠴᠠᠵᠤ᠂ ᠨᠠᠮ ᠤᠨ ᠡᠭᠦᠷ ᠤᠨ ᠨᠦᠬᠦᠳ ᠲᠠᠢ ᠪᠠᠨ ᠬᠠᠮᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠪᠠ᠃ ᠲᠡᠷᠡ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠤᠯ ᠤᠳᠤᠬᠠᠨ ᠤ ᠪᠠ ᠬᠤᠶᠢᠰᠢᠳᠡ ᠶᠢᠨ ᠨᠢᠭᠡ ᠬᠡᠰᠡᠭ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠤᠯᠤᠨ᠎ᠠ᠃ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠨᠠᠮ ᠤᠨ ᠬᠡᠰᠢᠭᠦᠨ ᠺᠠᠳ᠋ᠷᠴᠤᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠯ᠎ᠠ ᠪᠠᠷ ᠲᠦᠷᠦᠭᠦᠯᠡᠨ ᠬᠢᠵᠤ ᠦᠯᠢᠭᠡᠷ ᠲᠠᠭᠤᠷᠢᠶᠠᠯ ᠪᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠪᠠ ᠨᠠᠮ ᠤᠨ ᠲᠦᠷᠢᠮ ᠤᠨ ᠤᠭ ᠵᠤᠬᠢᠶᠠᠯ ᠢ ᠲᠡᠷᠡ ᠬᠡᠪ ᠢᠶᠠᠷ ᠨᠢ ᠰᠤᠷᠤᠯᠴᠠᠵᠤ᠂ ᠰᠤᠷᠤᠯᠴᠠᠨ ᠮᠡᠳᠡᠭᠦ᠂ ᠨᠡᠪᠳᠡᠷᠡᠳᠡᠯ᠎ᠠ ᠤᠢᠢᠯᠠᠭᠠᠬᠤ᠂ ᠪᠤᠳᠠᠳᠠᠶᠢᠵᠢᠭᠤᠯᠬᠤ ᠲᠡᠭᠡᠷ᠎ᠠ ᠬᠦᠴᠦ ᠤᠷᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠠᠵᠢᠯ ᠢᠶᠠᠨ ᠰᠠᠶᠢᠳᠤᠷ ᠬᠢᠭᠦ ᠶᠢᠨ ᠬᠦᠴᠦᠷᠭᠡᠭ᠌ ᠶᠡᠭᠡ ᠬᠦᠳᠡᠯᠭᠡᠭ᠍ᠴᠢ ᠬᠦᠴᠦᠨ ᠪᠤᠯᠤᠨ ᠠᠮᠢᠳᠤᠯᠢᠭ ᠦᠢᠯᠡᠳᠦᠯᠭᠡ ᠪᠤᠯᠭᠠᠨ ᠬᠤᠪᠢᠷᠠᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃

    ᠡᠨᠡ ᠣᠳᠠᠭ᠎ᠠ ᠶᠢᠨ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠢ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠶᠡᠷᠦᠩᠬᠡᠶᠢᠯᠡᠭᠰᠡᠨ ᠨᠢᠭᠡᠳᠦᠭᠡᠷ ᠭᠠᠵᠠᠷ ᠤᠨ ᠨᠠᠮ ᠤᠨ ᠡᠭᠦᠷ ᠬᠢᠭᠡᠳ ᠪᠠᠶᠢᠩᠭ᠋᠋ᠤ ᠶᠢᠨ ᠬᠤᠷᠢᠶ᠎ᠠ ᠶᠢᠨ ᠠᠯᠪᠠᠨ ᠭᠡᠷ ᠤᠨ ᠨᠠᠮ ᠤᠨ ᠡᠭᠦᠷ ᠬᠠᠮᠳᠤᠷᠠᠨ ᠦᠷᠨᠢᠭᠦᠯᠪᠠ᠃ 4 ᠨᠦᠬᠦᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠭᠤᠷᠢᠨ ᠳᠤ᠂ ᠲᠤᠰ ᠪᠡᠶ᠎ᠠ ᠶᠢᠨ ᠢᠶᠠᠨ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠤᠨ ᠰᠤᠷᠤᠯᠴᠠᠬᠰᠠᠨ ᠪᠠᠶᠢᠳᠠᠯ ᠪᠤᠯᠤᠨ ᠲᠠᠨᠢᠯᠳᠠ ᠤᠯᠤᠯᠳᠠ ᠪᠠᠨ ᠶᠠᠷᠢᠵᠤ᠂ ᠤᠪᠤᠷ ᠢᠶᠠᠨ ᠢᠯᠡᠳᠭᠡᠨ ᠡᠷᠴᠢ ᠵᠣᠷᠢᠭ ᠢᠶᠠᠨ ᠶᠠᠷᠢᠵᠤ᠂ ᠤᠬᠠᠮᠰᠠᠷ ᠠᠴᠠ ᠪᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠠᠶᠢᠳᠤᠷ ᠰᠤᠷᠤᠯᠴᠠᠨ ᠤᠢᠢᠯᠠᠭᠠᠵᠤ᠂ ᠰᠠᠶᠢᠳᠤᠷ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠲᠤᠰ ᠪᠡᠶ᠎ᠠ ᠶᠢᠨ ᠪᠠᠶᠢᠭᠤᠯᠤᠯᠳᠠ ᠪᠠ ᠡᠯ᠎ᠠ ᠵᠦᠢᠯ ᠤᠨ ᠠᠵᠢᠯ ᠢᠶᠠᠨ ᠲᠠᠬᠢᠨ ᠰᠢᠨ᠎ᠠ ᠲᠡᠭᠳᠡᠷ ᠲᠤ ᠭᠠᠷᠭᠠᠬᠤ ᠶᠢ ᠠᠬᠢᠭᠤᠯᠦᠨ᠎ᠠ ᠬᠡᠵᠤ ᠰᠠᠨᠠᠯ ᠨᠢᠭᠡᠳᠡᠢ ᠢᠯᠡᠷᠬᠡᠶᠢᠯᠡᠪᠡ᠃

    ᠯᠢ ᠵᠢᠢ ᠾᠧᠩ ᠤᠯᠠᠨ ᠤ ᠬᠡᠯᠡᠭᠦ ᠶᠢ ᠬᠢᠨᠠᠮᠠᠭᠠᠢ ᠰᠤᠨᠤᠰᠬᠤ ᠶᠢᠨ ᠲᠠᠭᠠᠤ᠂ ᠪᠠᠶᠢᠨ ᠲᠠᠬᠢᠨ ᠤᠯᠠᠨ ᠲᠠᠢ ᠰᠠᠨᠠᠯ ᠢᠶᠠᠨ ᠰᠤᠯᠢᠯᠴᠠᠵᠤ᠂ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠡᠬᠢᠯᠡᠬᠦ ᠠᠴᠠ ᠪᠠᠨ ᠳᠠᠭᠤᠰᠳᠠᠯ᠎ᠠ ᠠᠷᠠᠳᠴᠢᠯᠠᠯ ᠤᠨ ᠠᠭᠤᠷ ᠠᠮᠢᠰᠬᠤᠯ ᠢᠶᠠᠷ ᠪᠢᠯᠬᠠᠵᠣ᠂ ᠲᠦᠪ ᠴᠢᠩᠭ᠎ᠠ ᠨᠠᠷᠢᠨ ᠬᠢᠨᠠᠮᠠᠭᠠᠢ ᠪᠦᠭᠡᠳ ᠠᠮᠢᠳᠤ ᠴᠤᠪᠤᠭᠤᠯᠢᠭ ᠪᠣᠯᠵᠠᠢ᠃ ᠯᠢ ᠵᠢᠢ ᠾᠧᠩ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠳᠤ ᠬᠦᠨᠵᠡᠭᠡᠢ ᠰᠤᠷᠤᠯᠴᠠᠨ ᠨᠡᠪᠳᠡᠷᠡᠳᠡᠯ᠎ᠠ ᠤᠢᠢᠯᠠᠭᠠᠬᠤ ᠮᠦᠷᠳᠡᠭᠡᠨ ᠨᠡᠩ ᠴᠦ ᠬᠤᠪᠢᠷᠠᠭᠤᠯᠤᠨ ᠬᠡᠷᠡᠭᠯᠡᠬᠦ ᠠᠵᠢᠯ ᠢ ᠰᠠᠶᠢᠳᠤᠷ ᠬᠢᠵᠤ᠂ ᠠᠵᠢᠯ ᠦᠢᠯᠡᠰ ᠤᠨ ᠢᠶᠠᠨ ᠬᠦᠭ᠍ᠵᠢᠯᠳᠡ ᠶᠢ ᠠᠬᠢᠭᠤᠯᠬᠤ ᠬᠡᠷᠡᠭᠳᠡᠢ᠃ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠨᠠᠮ ᠤᠨ ᠬᠡᠰᠢᠭᠦᠨ ᠺᠠᠳ᠋ᠷᠴᠤᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠨᠡᠨᠭᠦ ᠨᠠᠮ ᠳᠠᠭᠠᠨ ᠦᠨᠡᠨᠴᠢ ᠰᠢᠳᠤᠷᠭᠤ ᠪᠠᠶᠢᠬᠤ᠂ ᠭᠤᠤᠯᠯᠠᠬᠴᠢ ᠪᠠᠨ ᠬᠦᠷᠢᠶᠡᠯᠡᠭᠦ ᠡᠷᠡᠰ ᠪᠠᠳᠤ ᠢᠳᠡᠭᠡᠯ ᠪᠢᠰᠢᠷᠡᠯ ᠪᠤᠯᠭᠠᠨ ᠬᠤᠪᠢᠷᠠᠭᠤᠯᠵᠤ᠂《ᠲᠦᠷᠪᠡᠨ ᠤᠬᠠᠮᠰᠠᠷ》 ᠢ᠋ ᠪᠤᠢ ᠪᠤᠯᠭᠠᠨ᠂ 《ᠲᠦᠷᠪᠡᠨ ᠢᠳᠡᠭᠡᠯ》 ᠢ᠋ᠶᠡᠨ ᠪᠠᠳᠤᠳᠬᠠᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠭᠡ ᠰᠦᠷ ᠪᠤᠯᠤᠨ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠴᠦᠭᠦᠷᠡᠯ ᠦᠭᠡᠢ ᠪᠠᠷ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠪᠠᠨ ᠵᠡᠪᠰᠡᠭᠯᠡᠨ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠲᠡᠭᠡᠷ᠎ᠠ ᠪᠠᠨ ᠢᠮᠠᠬᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠠ ᠪᠠᠷ ᠨᠢᠭᠡᠳᠦᠯᠳᠡᠢ ᠪᠠᠶᠢᠬᠤ ᠬᠡᠷᠡᠭᠳᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠨᠡᠨᠭᠦ ᠶᠡᠭᠡ ᠲᠠᠯ᠎ᠠ ᠳᠤ ᠦᠢᠯᠡᠴᠢᠯᠡᠭᠦ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠦ ᠠᠮᠢᠳᠤᠯᠢᠭ ᠦᠢᠯᠡᠳᠦᠯᠭᠡ ᠪᠤᠯᠭᠠᠨ ᠬᠤᠪᠢᠷᠠᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠤᠨ ᠤᠭ ᠵᠤᠬᠢᠶᠠᠯ ᠢ ᠦᠭᠡ ᠦᠬᠦᠯᠡᠪᠦᠷᠢ ᠲᠠᠷᠠᠭᠠᠯᠠᠨ ᠰᠤᠷᠤᠯᠴᠠᠨ ᠰᠡᠳᠬᠢᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠢᠭᠡ ᠨᠢᠭᠡ ᠪᠠᠷ ᠰᠢᠩᠭᠡᠭᠡᠨ ᠠᠪᠴᠦ᠂ ᠰᠤᠷᠤᠯᠴᠠᠨ ᠮᠡᠳᠡᠵᠤ ᠨᠡᠪᠳᠡᠷᠡᠳᠡᠯ᠎ᠠ ᠤᠢᠢᠯᠠᠭᠠᠵᠤ᠂ ᠰᠤᠷᠤᠯᠴᠠᠬᠰᠠᠨ ᠢᠶᠠᠨ ᠦᠢᠯᠡᠳᠦᠯᠭᠡ ᠳᠤ ᠬᠡᠷᠡᠭᠯᠡᠨ᠂ ᠮᠡᠳᠡᠬᠦᠢ ᠬᠢᠬᠦᠢ ᠪᠠᠨ ᠨᠢᠭᠡᠳᠭᠡᠵᠦ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠵᠢᠯ ᠦᠷᠨᠢᠭᠦᠯᠭᠦ ᠳᠤ ᠨᠡᠩ ᠰᠢᠯᠢᠳᠡᠭ ᠦᠨᠳᠦᠷ ᠦᠷ᠎ᠠ ᠪᠦᠳᠦᠮᠵᠢᠳᠡᠢ ᠦᠢᠯᠡᠴᠢᠯᠡᠭᠡ ᠬᠠᠩᠭ᠋᠋ᠠᠬᠤ ᠬᠡᠷᠡᠭᠳᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠨᠡᠨᠭᠦ ᠪᠡᠶ᠎ᠠ ᠮᠠᠬᠠᠪᠤᠳ ᠢᠶᠠᠨ ᠴᠢᠬᠢᠷᠠᠬᠵᠢᠭᠤᠯᠬᠤ᠂ ᠠᠷᠢᠭᠤᠨ ᠴᠢᠭᠡᠴᠢ ᠪᠠᠷ ᠠᠯᠪᠠᠨ ᠳᠤ ᠵᠢᠳᠬᠦᠭᠦ ᠬᠦᠭᠡᠭᠡᠴᠡᠯᠳᠦᠯ ᠪᠤᠯᠭᠠᠨ ᠬᠤᠪᠢᠷᠠᠭᠤᠯᠵᠤ᠂ ᠦᠪᠡᠷ ᠤᠨ ᠳᠦᠷᠢ ᠪᠤᠯᠤᠨ ᠬᠠᠷᠢᠭᠤᠴᠠᠯᠭ᠎ᠠ ᠪᠠᠨ ᠰᠡᠷᠭᠡᠭ ᠢᠶᠠᠷ ᠲᠠᠨᠢᠵᠤ᠂ ᠰᠢᠨ᠎ᠠ ᠴᠠᠭ ᠦᠶ᠎ᠠ ᠶᠢᠨ ᠨᠠᠮ ᠤᠨ ᠪᠠᠶᠢᠭᠤᠯᠤᠯᠳᠠ ᠶᠢᠨ ᠰᠢᠨ᠎ᠠ ᠱᠠᠭᠠᠷᠳᠠᠯᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠨᠠᠮᠴᠢ ᠴᠢᠨᠠᠷ ᠤᠨ ᠪᠤᠯᠪᠠᠰᠤᠷᠠᠯ ᠢᠶᠠᠨ ᠲᠠᠰᠤᠷᠠᠯᠳᠠ ᠦᠭᠡᠢ ᠴᠢᠩᠭ᠋᠋ᠠᠷᠠᠭᠤᠯᠵᠤ᠂ ᠭᠠᠵᠠᠷ ᠪᠣᠯᠭᠠᠨ ᠳᠤ ᠦᠪᠡᠷ ᠢ ᠪᠠᠨ ᠪᠠᠶᠢᠴᠠᠭᠠᠨ᠂ ᠶᠠᠪᠤᠳᠠᠯ ᠪᠤᠯᠭᠠᠨ ᠳᠤ ᠦᠪᠡᠷ ᠢ ᠪᠠᠨ ᠴᠢᠩᠭ᠎ᠠ ᠱᠠᠭᠠᠷᠳᠠᠵᠣ᠂ ᠡᠪ ᠬᠠᠮᠳᠤᠴᠤᠳ ᠤᠨ ᠠᠷᠢᠭᠤᠨ ᠴᠢᠭᠡᠴᠢ ᠲᠦᠪ ᠭᠤᠤᠯᠴᠢ ᠤᠯᠤᠰ ᠲᠦᠷᠦ ᠶᠢᠨ ᠤᠤᠷ ᠴᠢᠨᠠᠷ ᠢ ᠢᠮᠠᠭᠳᠠ ᠪᠠᠳᠤᠯᠠᠬᠤ ᠬᠡᠷᠡᠭᠳᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠨᠡᠨᠭᠦ ᠲᠠᠰᠤᠷᠠᠯᠳᠠ ᠦᠭᠡᠢ ᠰᠤᠷᠤᠯᠴᠠᠬᠤ᠂ ᠴᠢᠳᠠᠪᠤᠷᠢ ᠪᠠᠨ ᠴᠢᠩᠭ᠋᠋ᠠᠷᠠᠭᠤᠯᠬᠤ ᠲᠡᠭᠡᠳᠦ ᠬᠡᠮᠵᠢᠶᠠᠨ ᠤ ᠤᠬᠠᠮᠰᠠᠷ ᠪᠤᠯᠭᠠᠨ ᠬᠤᠪᠢᠷᠠᠭᠤᠯᠵᠤ᠂ ᠰᠤᠷᠤᠯᠴᠠᠬᠤ ᠶᠢ ᠮᠦᠩᠭᠡ ᠶᠢᠨ ᠭᠤᠤᠯ ᠰᠡᠳᠦᠪ ᠪᠤᠯᠭᠠᠬᠤ ᠶᠢ ᠪᠠᠷᠢᠮᠳᠠᠯᠠᠵᠤ᠂ ᠤᠬᠠᠮᠰᠠᠷ ᠠᠴᠠ ᠪᠠᠨ ᠰᠤᠷᠤᠯᠴᠠᠨ᠂ ᠰᠠᠨᠠᠭᠠᠴᠢᠯᠠᠭ᠎ᠠ ᠠᠴᠠ ᠪᠠᠨ ᠰᠤᠷᠤᠯᠴᠠᠨ᠂ ᠨᠠᠰᠤᠨ ᠲᠤᠷᠰᠢᠳᠠ ᠰᠤᠷᠤᠯᠴᠠᠵᠤ᠂ ᠳᠣᠷ᠎ᠠ ᠪᠠᠬ᠎ᠠ ᠲᠠᠢ ᠰᠤᠷᠤᠯᠴᠠᠬᠤ᠂ ᠰᠠᠶᠢᠳᠣᠷ ᠰᠣᠷᠣᠯᠴᠠᠬᠤ ᠲᠤᠮᠳᠠ《ᠭᠦᠨᠵᠡᠭᠡᠢ ᠰᠤᠷᠬᠤ᠂ ᠨᠢᠮᠪᠠᠢ ᠬᠢᠨᠠᠨ ᠠᠰᠠᠭᠤᠬᠤ᠂ ᠬᠢᠴᠢᠶᠡᠩᠭᠦ᠋ᠢᠯᠡᠨ ᠪᠤᠳᠤᠯᠬᠢᠯᠠᠬᠤ᠂ ᠲᠤᠳᠤᠷᠬᠠᠢ ᠵᠠᠳᠠᠯᠬᠤ᠂ ᠯᠠᠪᠳᠠᠭᠤᠨ ᠪᠠᠳᠤᠳᠠᠢ ᠬᠡᠷᠡᠭᠵᠢᠭᠦᠯᠭᠦ》 ᠶ᠋ᠢ ᠪᠡᠶᠡᠯᠡᠭᠦᠯᠵᠤ᠂ ᠠᠵᠢᠯ ᠤᠨ ᠬᠡᠷᠡᠭᠴᠡᠭᠡ ᠳᠡᠭᠡᠨ ᠵᠣᠬᠢᠴᠠᠭᠰᠠᠨ᠂ ᠴᠠᠭ ᠦᠶ᠎ᠠ ᠶᠢᠨ ᠱᠠᠭᠠᠷᠳᠠᠯᠭ᠎ᠠ ᠲᠠᠢ ᠨᠡᠶᠢᠴᠡᠭᠰᠡᠨ ᠴᠢᠳᠠᠪᠤᠷᠢ ᠶᠢ ᠬᠦᠮᠦᠵᠢᠭᠦᠯᠭᠦ ᠬᠡᠷᠡᠭᠳᠡᠢ ᠬᠡᠵᠤ ᠵᠢᠭᠠᠵᠤ ᠭᠠᠷᠭᠠᠪᠠ᠃

    ᠬᠠᠮᠤᠭ ᠤᠨ ᠰᠡᠭᠦᠯ ᠳᠤᠨᠢ᠂ ᠯᠢ ᠵᠢᠢ ᠾᠧᠩ ᠤᠯᠠᠨ  ᠢ ᠰᠠᠶᠢᠳᠣᠷ ᠨᠢᠭᠡᠳᠦᠯᠳᠡᠢ ᠲᠦᠯᠦᠪᠵᠢᠭᠦᠯᠵᠦ᠂ ᠠᠵᠢᠯᠯᠠᠵᠤ ᠠᠮᠠᠷᠠᠬᠤ ᠪᠠᠨ ᠤᠶᠠᠯᠳᠤᠭᠤᠯᠵᠤ᠂ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠪᠠ ᠡᠯ᠎ᠠ ᠨᠠᠮ ᠤᠨ ᠡᠭᠦᠷ ᠤᠯᠠᠨ ᠢᠶᠠᠷ ᠢᠶᠠᠨ ᠪᠡᠶ᠎ᠠ ᠮᠠᠬᠠᠪᠤᠳ ᠡᠷᠡᠭᠦᠯ ᠴᠢᠬᠢᠷᠠᠭ᠂ ᠴᠤᠭ ᠵᠤᠯᠢ ᠪᠠᠳᠠᠷᠠᠩᠭ᠋᠋ᠤᠢ᠂ ᠰᠡᠳᠬᠢᠯ ᠰᠠᠨᠠᠭ᠎ᠠ ᠪᠠᠶᠠᠰᠤᠩᠭ᠋᠋ᠤᠢ ᠪᠠᠷ ᠠᠵᠢᠯ ᠬᠢᠭᠦ ᠳᠤ ᠨᠦᠬᠦᠴᠡᠯ ᠪᠦᠷᠢᠯᠳᠦᠭᠦᠯᠦᠨ ᠦᠭ᠍ᠭᠦᠭᠡᠷᠡᠢ ᠭᠡᠵᠦ ᠬᠦᠰᠡᠪᠡ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠬᠡᠯᠡᠨ ᠤ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121903297