蒙古文网站Logo
ᠰᠢᠨᠬᠤᠸᠠ ᠮᠤᠩᠭ᠋ᠤᠯ ᠨᠧᠲ

ᠬᠤᠷᠢᠨ ᠲᠠᠪᠤᠳᠤᠭᠠᠷ ᠬᠤᠭᠤᠴᠠᠭᠠᠨ ᠤ ᠦᠪᠤᠷ ᠮᠤᠩᠭ᠋ᠤᠯ ᠤᠨ ᠰᠤᠨᠢᠨ ᠮᠡᠳᠡᠬᠡᠨ ᠤ ᠱᠠᠩᠨᠠᠯ ᠵᠢᠴᠢ ᠬᠤᠶᠠᠳᠤᠭᠠᠷ ᠬᠤᠭᠤᠴᠠᠭᠠᠨ ᠤ ᠦᠪᠤᠷ ᠮᠤᠩᠭ᠋ᠤᠯ ᠤᠨ ᠡᠷᠳᠡᠮ ᠮᠤᠷᠠᠯ ᠬᠤᠤᠰᠯᠠᠭᠰᠠᠠ ᠰᠤᠨᠢᠨ ᠮᠡᠳᠡᠬᠡᠨ ᠤ ᠠᠵᠢᠯᠳᠠᠨ ᠢ ᠱᠠᠩᠨᠠᠨ ᠬᠦᠬᠢᠬᠦᠯᠬᠦ ᠮᠡᠳᠡᠬᠦᠯᠥᠯᠳᠡ ᠶᠢᠨ ᠬᠤᠷᠠᠯ ᠬᠤᠷᠠᠯᠳᠤᠪᠠ

2017-11-09 13:52

    11 ᠰᠠᠷ᠎ᠠ ᠶᠢᠨ 7 ᠤ ᠡᠳᠤᠷ᠂ ᠬᠤᠷᠢᠨ ᠲᠠᠪᠤᠳᠤᠭᠠᠷ ᠬᠤᠭᠤᠴᠠᠭᠠᠨ ᠤ ᠦᠪᠤᠷ ᠮᠤᠩᠭ᠋ᠤᠯ ᠤᠨ ᠰᠤᠨᠢᠨ ᠮᠡᠳᠡᠬᠡᠨ ᠤ ᠱᠠᠩᠨᠠᠯ᠂ ᠬᠤᠶᠠᠳᠤᠭᠠᠷ ᠬᠤᠭᠤᠴᠠᠭᠠᠨ ᠤ ᠦᠪᠤᠷ ᠮᠤᠩᠭ᠋ᠤᠯ ᠤᠨ ᠡᠷᠳᠡᠮ ᠮᠤᠷᠠᠯ ᠬᠤᠤᠰᠯᠠᠭᠰᠠᠠ ᠰᠤᠨᠢᠨ ᠮᠡᠳᠡᠬᠡᠨ ᠤ ᠠᠵᠢᠯᠳᠠᠨ ᠢ ᠱᠠᠩᠨᠠᠨ ᠬᠦᠬᠢᠬᠦᠯᠬᠦ ᠮᠡᠳᠡᠬᠦᠯᠥᠯᠳᠡ ᠶᠢᠨ ᠬᠤᠷᠠᠯ ᠬᠦᠬᠡᠬᠤᠳᠠ ᠳᠤ ᠬᠤᠷᠠᠯᠳᠤᠪᠠ᠃

    ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭ᠋ᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠪᠠᠢ ᠢᠤᠢ ᠭᠠᠩ ᠬᠤᠷᠠᠯ ᠳᠤ ᠤᠷᠤᠯᠴᠠᠵᠥ ᠶᠠᠷᠢᠶ᠎ᠠ ᠲᠠᠯᠪᠢᠵᠠᠢ᠃

    ᠪᠠᠢ ᠢᠤᠢ ᠭᠠᠩ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠥ ᠤᠬᠠᠭᠤᠯᠤᠨ ᠲᠤᠤᠱᠯᠠᠭᠤᠯᠬᠤ ᠪᠤᠯ ᠤᠳᠤᠬᠠᠨ ᠤ ᠪᠡ ᠬᠤᠶᠢᠰᠢᠳᠠ ᠶᠢᠨ ᠨᠢᠬᠡᠨ ᠬᠡᠰᠡᠭ ᠬᠤᠭᠤᠴᠠᠭᠠᠨ ᠤ ᠤᠷᠤᠨ ᠳᠠᠶᠠᠭᠠᠷ ᠤᠨ ᠰᠤᠷᠳᠠᠯ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠹᠷᠤᠨᠲ ᠤᠨ ᠲᠡᠷᠢᠬᠦᠨ ᠴᠢᠬᠤᠯᠠ ᠤᠯᠤᠰ ᠲᠦᠷᠦ ᠶᠢᠨ ᠡᠬᠦᠷᠬᠡ ᠮᠥᠨ᠂ ᠰᠤᠨᠢᠨ ᠮᠡᠳᠡᠭᠡ ᠶᠠᠷᠢᠶ᠎ᠠ ᠬᠡᠯᠡᠯᠴᠡᠬᠡᠨ ᠤ ᠹᠷᠤᠨᠲ ᠤᠨ ᠲᠡᠷᠢᠬᠦᠨ ᠴᠢᠬᠤᠯᠠ ᠶᠡᠭᠡ ᠶᠠᠪᠤᠳᠠᠯ ᠮᠥᠨ᠃ ᠦᠷᠬᠡᠨ ᠤᠯᠠᠨ ᠰᠤᠨᠢᠨ ᠮᠡᠳᠡᠬᠡᠨ ᠤ ᠠᠵᠢᠯᠳᠠᠳ ᠤᠯᠤᠰ ᠲᠦᠷᠦ ᠶᠢᠨ ᠵᠤᠭᠰᠤᠴᠠ ᠪᠠᠨ ᠦᠨᠡᠨᠬᠦ ᠲᠡᠬᠡᠭ᠍ᠰᠢᠯᠡᠬᠦᠯᠵᠥ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠥ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠠᠶᠢᠳᠤᠷ ᠰᠤᠷᠤᠯᠴᠠᠵᠥ᠂ ᠰᠠᠶᠢᠳᠤᠷ ᠤᠬᠠᠭᠤᠯᠵᠥ᠂ ᠰᠠᠶᠢᠳᠤᠷ ᠲᠤᠤᠱᠯᠠᠭᠤᠯᠵᠥ᠂ ᠤᠷᠤᠨ ᠳᠠᠶᠠᠭᠠᠷ ᠤᠨ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠤ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠲᠠᠢ ᠨᠢᠬᠡᠳᠬᠡᠬᠦ ᠬᠡᠷᠡᠭᠳᠡᠢ ᠬᠡᠵᠥ ᠵᠢᠭᠠᠵᠥ ᠭᠠᠷᠭᠠᠪᠠ᠃

    ᠪᠠᠢ ᠢᠤᠢ ᠭᠠᠩ᠂ ᠤᠷᠤᠨ ᠳᠠᠶᠠᠭᠠᠷ ᠤᠨ ᠦᠷᠭᠡᠨ ᠤᠯᠠᠨ ᠰᠤᠨᠢᠨ ᠮᠡᠳᠡᠬᠡᠨ ᠤ ᠠᠵᠢᠯᠳᠠᠳ ᠤᠬᠠᠮᠰᠠᠷ ᠠᠴᠠ ᠪᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠲᠡᠷᠢᠬᠢ ᠲᠤᠯᠤᠭᠠᠢ ᠪᠠᠨ ᠵᠡᠪᠰᠡᠭᠯᠡᠵᠥ᠂ ᠦᠢᠯᠡᠳᠦᠯᠬᠡ ᠪᠠᠨ ᠵᠢᠯᠤᠭᠤᠳᠤᠭᠤᠯᠵᠥ᠂ ᠨᠠᠮ ᠤᠨ ᠵᠢᠯᠤᠭᠤᠳᠤᠯᠭ᠎ᠠ ᠶᠢ ᠰᠤᠨᠤᠰᠴᠦ᠂ ᠤᠯᠤᠰ ᠲᠦᠷᠦ ᠡᠷᠡᠰ ᠪᠠᠳᠤ ᠰᠤᠨᠢᠨ ᠮᠡᠳᠡᠬᠡᠨ ᠤ ᠠᠵᠢᠯᠳᠠᠨ ᠪᠤᠯᠬᠤ ᠬᠡᠷᠡᠭᠳᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠬᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠥ᠂ ᠲᠤᠭ ᠢ ᠦᠨᠳᠤᠷ ᠮᠠᠨᠳᠤᠭᠤᠯᠵᠥ᠂ ᠴᠠᠭ ᠦᠶ᠎ᠡ ᠶᠢ ᠬᠦᠳᠦᠯᠥᠨ ᠲᠠᠭᠠᠭᠤᠯᠬᠤ ᠰᠤᠨᠢᠨ ᠮᠡᠳᠡᠬᠡᠨ ᠤ ᠠᠵᠢᠯᠳᠠᠨ ᠪᠤᠯᠬᠤ ᠬᠡᠷᠡᠭᠳᠡᠢ᠃ ᠲᠤᠮᠳᠠᠳᠤ ᠤᠯᠤᠰ ᠤᠨ ᠵᠤᠷᠢᠭ ᠰᠠᠨᠠᠭ᠎ᠠ᠂ ᠲᠤᠮᠳᠠᠳᠤ ᠤᠯᠤᠰ ᠤᠨ ᠦᠷᠳᠡᠭ᠂ ᠲᠤᠮᠳᠠᠳᠤ ᠤᠯᠤᠰ ᠤᠨ ᠬᠦᠴᠦᠨ ᠴᠢᠳᠠᠯ ᠢ ᠨᠡᠩ ᠰᠠᠶᠢᠳᠤᠷ ᠪᠤᠢ ᠪᠤᠯᠭᠠᠵᠥ᠂ ᠬᠡᠪ ᠰᠤᠷᠳᠠᠯ ᠢᠶᠠᠷ ᠬᠦᠮᠥᠨ ᠢ ᠬᠤᠪᠢᠷᠠᠭᠤᠯᠳᠠᠭ᠂ ᠬᠡᠪ ᠵᠠᠩᠰᠢᠯ ᠢ ᠬᠦᠳᠦᠯᠥᠨ ᠲᠠᠭᠠᠭᠤᠯᠬᠤ ᠰᠤᠨᠢᠨ ᠮᠡᠳᠡᠬᠡᠨ ᠤ ᠠᠵᠢᠯᠳᠠᠨ ᠪᠤᠯᠬᠤ ᠬᠡᠷᠡᠭᠳᠡᠢ᠃ ᠰᠤᠨᠢᠨ ᠮᠡᠳᠡᠭᠡ ᠶᠡᠷᠢᠶ᠎ᠡ ᠬᠡᠯᠡᠯᠴᠡᠬᠡᠨ ᠤ ᠲᠠᠮᠵᠢᠭᠤᠯᠬᠤ ᠬᠦᠴᠦᠨ᠂ ᠬᠦᠳᠦᠯᠥᠨ ᠲᠠᠭᠠᠭᠤᠯᠬᠤ ᠬᠦᠴᠦᠨ᠂ ᠨᠦᠯᠥᠬᠡᠯᠡᠬᠦ ᠬᠦᠴᠦᠨ᠂ ᠢᠳᠡᠬᠡᠬᠦᠯᠬᠦ ᠬᠦᠴᠦᠨ ᠢ ᠬᠦᠴᠦᠯᠡᠨ ᠲᠡᠭᠡᠭ᠍ᠰᠢᠯᠡᠬᠦᠯᠵᠥ᠂ ᠰᠢᠨ᠎ᠡ ᠶᠢ ᠬᠦᠭᠡᠭᠡᠴᠡᠯᠳᠦᠳᠡᠭ ᠬᠤᠪᠢᠷᠡᠯᠳᠡ ᠶᠢ ᠬᠦᠬᠡᠬᠡᠴᠡᠯᠳᠤᠳᠡᠭ᠂ ᠵᠤᠷᠢᠬᠳᠡᠢ ᠪᠠᠷ ᠰᠢᠨ᠎ᠡ ᠶᠢ ᠡᠬᠦᠳᠦᠳᠡᠭ ᠰᠤᠨᠢᠨ ᠮᠡᠳᠡᠬᠡᠨ ᠤ ᠠᠵᠢᠯᠳᠠᠨ ᠪᠤᠯᠬᠤ ᠬᠡᠷᠡᠭᠳᠡᠢ᠃ ᠴᠠᠭ ᠪᠢᠳᠡᠨ ᠢ ᠬᠦᠯᠢᠶᠡᠬᠦ ᠦᠭᠡᠢ᠂ ᠭᠠᠭᠴᠠ ᠬᠦ ᠦᠷᠯᠥᠬᠡ ᠦᠳᠡᠰᠢ ᠶᠢ ᠲᠡᠮᠡᠴᠡᠬᠦ ᠵᠤᠷᠢᠭ ᠰᠠᠨᠠᠭ᠎ᠠ ᠪᠠᠷ ᠰᠢᠨ᠎ᠡ ᠴᠠᠭ ᠦᠶ᠎ᠡ ᠶᠢᠨ ᠤᠷᠳᠤ ᠵᠠᠮ ᠤᠨ ᠠᠶᠠᠨ ᠢᠶᠠᠨ ᠰᠠᠶᠢᠳᠤᠷ ᠠᠶᠠᠯᠠᠵᠥ᠂ ᠠᠵᠢᠯ ᠦᠢᠯᠡᠰ ᠢᠶᠠᠨ ᠲᠡᠬᠡᠳᠤᠯᠡᠵᠥ ᠬᠠᠷᠠᠮ ᠦᠭᠡᠢ ᠵᠤᠷᠢᠭᠤᠯᠳᠠᠭ᠂ ᠰᠢᠯᠢᠳᠡᠭ ᠰᠤᠷᠳᠠᠯ ᠲᠠᠢ ᠰᠤᠨᠢᠨ ᠮᠡᠳᠡᠬᠡᠨ ᠤ ᠠᠵᠢᠯᠳᠠᠨ ᠪᠤᠯᠵᠥ᠂ 《ᠦᠵᠡᠰᠬᠦᠯᠡᠩᠳᠤ ᠰᠠᠶᠢᠬᠠᠨ ᠦᠪᠤᠷ ᠮᠤᠩᠭ᠋ᠤᠯ ᠢᠶᠠᠨ ᠪᠦᠳᠦᠭᠡᠨ ᠪᠠᠶᠢᠭᠤᠯᠵᠥ᠂ ᠠᠭᠤᠤ ᠶᠡᠭᠡ ᠲᠤᠮᠳᠠᠳᠤ ᠶᠢᠨ ᠵᠡᠬᠦᠳᠤ ᠪᠠᠨ ᠬᠠᠮᠳᠤᠪᠡᠷ ᠲᠡᠷᠭᠡᠯᠰᠢᠬᠦᠯᠬᠦ》 ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠳᠡᠢ ᠬᠡᠵᠥ ᠱᠠᠭᠠᠷᠳᠠᠪᠠ᠃ ᠬᠤᠷᠡᠯ ᠠᠴᠠ᠂ ᠦᠪᠤᠷ ᠮᠤᠩᠭ᠋ᠤᠯ ᠤᠨ ᠰᠤᠨᠢᠨ ᠮᠡᠳᠡᠬᠡᠨ ᠤ ᠱᠠᠩᠨᠠᠯ ᠢ ᠬᠦᠷᠳᠡᠭᠰᠡᠡ 207 ᠪᠦᠳᠦᠭᠡᠯ ᠪᠤᠯᠤᠨ ᠬᠤᠶᠠᠳᠤᠭᠠᠷ ᠬᠤᠭᠤᠴᠠᠭᠠᠨ ᠤ ᠦᠪᠤᠷ ᠮᠤᠩᠭ᠋ᠤᠯ ᠤᠨ ᠡᠷᠳᠡᠮ ᠮᠤᠷᠠᠯ ᠬᠤᠤᠰᠯᠠᠭᠰᠠᠠ 10 ᠰᠤᠨᠢᠨ ᠮᠡᠳᠡᠬᠡᠨ ᠤ ᠠᠵᠢᠯᠳᠠᠨ ᠢ ᠬᠦᠬᠢᠬᠦᠯᠥᠨ ᠰᠠᠶᠢᠰᠢᠶᠠᠵᠠᠢ᠂ ᠱᠠᠩᠨᠠᠯ ᠬᠦᠷᠳᠡᠭᠰᠡᠡ 5 ᠲᠦᠯᠥᠬᠡᠯᠡᠭᠴᠢ ᠬᠤᠷᠡᠯ ᠲᠡᠭᠡᠷ᠎ᠡ ᠦᠬᠡ ᠬᠡᠯᠡᠵᠡᠢ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121929571