蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠬᠢᠭᠡᠳ ᠲᠤᠮᠳᠠᠳᠤ ᠤᠯᠤᠰ ᠤᠨ ᠲᠠᠷᠢᠶᠠᠯᠠᠩ ᠤᠨ ᠬᠦᠭ᠍ᠵᠢᠭᠦᠯᠦᠯᠳᠡ ᠵᠢᠨ ᠪᠠᠩᠬᠢ ᠬᠠᠮᠳᠤᠷᠠᠨ ᠠᠵᠢᠯᠯᠠᠬᠤ ᠬᠡᠯᠡᠯᠴᠡᠭᠡᠷ ᠲᠤ ᠭᠠᠷ ᠤᠨ ᠦᠰᠦᠭ ᠵᠢᠷᠤᠪᠡ

2017-11-09 17:02

    11 ᠰᠠᠷ᠎ᠠ ᠶᠢᠨ 8 ᠤ ᠡᠳᠦᠷ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠬᠢᠭᠡᠳ ᠲᠤᠮᠳᠠᠳᠤ ᠤᠯᠤᠰ ᠤᠨ ᠲᠠᠷᠢᠶᠠᠯᠠᠩ ᠤᠨ ᠬᠦᠭ᠍ᠵᠢᠭᠦᠯᠦᠯᠳᠡ ᠵᠢᠨ ᠪᠠᠩᠬᠢ ᠬᠦᠬᠡᠬᠤᠳᠠ ᠳ᠋ᠤ ᠲᠦᠷᠦ ᠵᠢᠨ ᠪᠤᠳᠤᠯᠭ᠎ᠠ ᠵᠢᠨ ᠴᠢᠨᠠᠷᠳᠠᠢ ᠮᠦᠩᠭᠦᠨ ᠬᠦᠢᠯᠭᠡᠭᠡ ᠪᠡᠷ ᠶᠠᠳᠠᠭᠤ ᠵᠢ ᠲᠡᠳᠭᠦᠭᠦ ᠠᠵᠢᠯ ᠢ ᠨᠠᠮ ᠤᠨ ᠪᠠᠢᠢᠭᠤᠯᠤᠯᠳᠠ ᠪᠡᠷ ᠬᠦᠳᠦᠯᠦᠨ ᠲᠠᠭᠠᠭᠤᠯᠬᠤ ᠲᠤᠷᠰᠢᠯᠳᠠ ᠵᠢᠨ ᠵᠢᠱᠢᠶ᠎ᠠ ᠦᠵᠡᠭᠦᠯᠭᠦ ᠣᠷᠣᠨ ᠤ ᠬᠠᠮᠳᠤᠷᠠᠨ ᠠᠵᠢᠯᠯᠠᠬᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃

    ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ  ᠤ ᠲᠡᠷᠢᠭᠦᠯᠡᠭᠴᠢ ᠪᠦ᠋ ᠰᠢᠶᠤᠤ ᠯᠢᠨ᠂ ᠲᠤᠮᠳᠠᠳᠤ ᠤᠯᠤᠰ ᠤᠨ ᠲᠠᠷᠢᠶᠠᠯᠠᠩ ᠤᠨ ᠬᠦᠭ᠍ᠵᠢᠭᠦᠯᠦᠯᠳᠡ ᠵᠢᠨ ᠪᠠᠩᠬᠢ ᠵᠢᠨ ᠬᠡᠷᠡᠭ ᠮᠡᠳᠡᠭᠴᠢᠳ ᠤᠨ ᠲᠠᠷᠤᠭ᠎ᠠ ᠰᠢᠶᠸ ᠰᠢᠤᠸᠠᠢ ᡁᠢ ᠭᠠᠷ ᠤᠨ ᠦᠰᠦᠭ ᠵᠢᠷᠤᠬᠤ ᠶᠣᠰᠣᠯᠠᠯ ᠳ᠋ᠦ ᠣᠷᠣᠯᠴᠠᠪᠠ᠃

    ᠲᠤᠮᠳᠠᠳᠤ ᠤᠯᠤᠰ ᠤᠨ ᠲᠠᠷᠢᠶᠠᠯᠠᠩ ᠤᠨ ᠬᠦᠭ᠍ᠵᠢᠭᠦᠯᠦᠯᠳᠡ ᠵᠢᠨ ᠪᠠᠩᠬᠢ ᠦᠪᠦᠷ ᠮᠣᠩᠭᠣᠯ ᠤᠨ ᠲᠦᠷᠦ ᠵᠢᠨ ᠪᠤᠳᠤᠯᠭ᠎ᠠ ᠵᠢᠨ ᠴᠢᠨᠠᠷᠳᠠᠢ ᠮᠦᠩᠭᠦᠨ ᠬᠦᠢᠯᠭᠡᠭᠡ ᠪᠡᠷ ᠶᠠᠳᠠᠭᠤ ᠵᠢ ᠲᠡᠳᠭᠦᠭᠦ ᠠᠵᠢᠯ ᠢ ᠨᠠᠮ ᠤᠨ ᠪᠠᠢᠢᠭᠤᠯᠤᠯᠳᠠ ᠪᠡᠷ ᠬᠦᠳᠦᠯᠦᠨ ᠲᠠᠭᠠᠭᠤᠯᠬᠤ ᠲᠤᠷᠰᠢᠯᠳᠠ ᠵᠢᠨ ᠵᠢᠱᠢᠶ᠎ᠠ ᠦᠵᠡᠭᠦᠯᠭᠦ ᠣᠷᠣᠨ ᠤ ᠭᠤᠤᠯᠳᠠᠯᠭ᠎ᠠ ᠲᠠᠢ ᠮᠤᠵᠢ ᠤᠷᠤᠨ ᠵᠢᠡᠷ ᠲᠤᠬᠳᠠᠭᠠᠪᠡ᠂ ᠡᠨᠡ ᠨᠢ ᠤᠷᠤᠨ ᠳᠠᠶᠠᠭᠠᠷ ᠤᠨ ᠡᠭᠦᠳᠦᠨ ᠪᠠᠢᠢᠭᠤᠯᠤᠬᠰᠠᠨ 12 ᠵᠢᠱᠢᠶ᠎ᠠ ᠦᠵᠡᠭᠦᠯᠭᠦ ᠣᠷᠣᠨ ᠤ ᠨᠢᠭᠡ ᠪᠤᠯᠤᠨ᠎᠎ᠠ᠃ ᠵᠢᠱᠢᠶ᠎ᠠ ᠦᠵᠡᠭᠦᠯᠭᠦ ᠣᠷᠣᠨ ᠨᠢ ᠨᠠᠮ ᠤᠨ ᠪᠠᠢᠢᠭᠤᠯᠤᠯᠳᠠ ᠵᠢᠨ ᠬᠠᠮᠳᠤᠪᠡᠷ ᠪᠠᠢᠢᠭᠤᠯᠬᠤ ᠠᠵᠢᠯ ᠢ ᠴᠢᠩᠭ᠋ᠠᠳᠬᠠᠬᠤ ᠪᠡᠷ ᠲᠠᠮᠵᠢᠭᠤᠯᠤᠨ᠂ ᠤᠷᠤᠨ ᠳᠠᠶᠠᠭᠠᠷ ᠤᠨ 31 ᠲᠦᠷᠦ ᠶᠢᠨ ᠵᠡᠷᠭᠡᠯᠡᠯ ᠤᠨ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠳ᠋ᠤ ᠢᠳᠡᠭᠡᠮᠵᠢᠳᠦ ᠵᠢᠭᠡᠯᠡᠯᠭᠡ ᠵᠢᠨ ᠲᠦᠷᠦ ᠵᠢᠨ ᠪᠤᠳᠤᠯᠭ᠎ᠠ᠂ ᠢᠳᠡᠭᠡᠮᠵᠢᠳᠦ ᠵᠢᠭᠡᠯᠡᠯᠭᠡ ᠵᠢᠨ ᠬᠡᠪᠴᠢᠶ᠎ᠠ᠂ ᠦᠢᠯᠡᠴᠢᠯᠡᠭᠡᠨ ᠤ ᠰᠢᠨ᠎ᠠ ᠵᠢ ᠡᠭᠦᠳᠭᠦ᠂ ᠡᠬᠢ ᠪᠠᠶᠠᠯᠢᠭ ᠢ ᠲᠤᠬᠢᠷᠠᠭᠤᠯᠬᠤ ᠵᠡᠷᠭᠡ ᠲᠠᠯ᠎ᠠ ᠪᠡᠷ ᠬᠠᠷᠠᠭᠠᠯᠵᠠᠯ ᠦᠵᠡᠭᠦᠯᠵᠤ᠂ ᠲᠠᠩᠰᠠᠯᠠᠵᠣ ᠺᠠᠷᠲ᠋ᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠡᠷᠳᠡ ᠨᠢᠭᠡ ᠡᠳᠦᠷ《ᠬᠤᠶᠠᠷ ᠲᠤ ᠦᠯᠦ ᠵᠤᠪᠠᠬᠤ᠂ ᠭᠤᠷᠪᠠ ᠵᠢ ᠪᠠᠳᠤᠯᠠᠬᠤ》ᠬᠠᠷᠠᠯᠳᠠ ᠳ᠋ᠦ ᠬᠦᠷᠬᠦ ᠵᠢ ᠠᠬᠢᠭᠣᠯᠵᠣ᠂ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠤ ᠤᠷᠤᠬᠰᠢᠳᠠᠢ ᠪᠡᠷ ᠶᠠᠳᠠᠭᠤ ᠡᠴᠡ ᠪᠠᠨ ᠠᠩᠬᠢᠵᠢᠷᠠᠬᠤ ᠵᠢ ᠪᠠᠳᠤᠯᠠᠬᠤ ᠪᠡᠷ ᠵᠤᠷᠢᠯᠳᠠ ᠪᠣᠯᠭᠠᠵᠠᠢ᠃

    ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ ᠭᠠᠷ ᠤᠨ ᠦᠰᠦᠭ ᠵᠢᠷᠤᠬᠤ ᠶᠤᠰᠤᠯᠠᠯ ᠳ᠋ᠤ ᠤᠷᠤᠯᠴᠠᠵᠤ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠷᠢᠨ ᠪᠢᠴᠢᠭ᠌ ᠤᠨ ᠲᠠᠷᠤᠭ᠎ᠠ ᠪᠤᠤ ᠵᠸᠨ ᠢᠤᠢ ᠭᠠᠷ ᠤᠨ ᠦᠰᠦᠭ ᠵᠢᠷᠤᠬᠤ ᠶᠤᠰᠤᠯᠠᠯ ᠢ ᠡᠷᠬᠢᠯᠡᠵᠡᠢ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121931334