蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭ᠋ᠤ ᠶᠢᠨ ᠬᠤᠷᠢᠶ᠎ᠠ ᠶᠢᠨ ᠬᠡᠰᠢᠭᠦᠳ ᠪᠠ ᠨᠠᠮ ᠤᠨ ᠬᠤᠷᠢᠶ᠎ᠠ ᠶᠢᠨ ᠬᠡᠰᠢᠭᠦᠳ ᠤᠷᠤᠯᠠᠬᠴᠢ ᠬᠡᠰᠢᠭᠦᠳ ᠬᠠᠮᠳᠤᠪᠡᠷ ᠨᠠᠮ ᠳᠤ ᠤᠷᠤᠬᠤ ᠲᠠᠩᠭ᠋ᠠᠷᠢᠭ ᠤᠨ ᠦᠭᠡᠰ ᠢ ᠳᠠᠬᠢᠨ ᠡᠷᠭᠢᠴᠡᠭᠦᠯᠦᠨ ᠣᠩᠰᠢᠪᠠ

2017-11-10 18:42

    11 ᠰᠠᠷ᠎ᠠ ᠶᠢᠨ 9 ᠤ ᠦᠳᠡ  ᠶᠢᠨ ᠡᠮᠦᠨ᠎ᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠦᠷᠪᠡᠳᠦᠭᠡᠷ ᠪᠦᠬᠦᠳᠡ ᠬᠤᠷᠠᠯ ᠡᠬᠢᠯᠡᠭᠦ ᠠᠴᠠ ᠡᠮᠦᠨ᠎ᠠ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭ᠋ᠤ ᠶᠢᠨ ᠬᠤᠷᠢᠶ᠎ᠠ ᠶᠢᠨ ᠬᠡᠰᠢᠭᠦᠳ ᠪᠠ ᠨᠠᠮ ᠤᠨ ᠬᠤᠷᠢᠶ᠎ᠠ ᠶᠢᠨ ᠬᠡᠰᠢᠭᠦᠳ᠂ ᠤᠷᠤᠯᠠᠬᠴᠢ ᠬᠡᠰᠢᠭᠦᠳ ᠬᠠᠮᠳᠤᠪᠡᠷ ᠨᠠᠮ ᠳᠤ ᠤᠷᠤᠬᠤ ᠲᠠᠩᠭ᠋ᠠᠷᠢᠭ ᠤᠨ ᠦᠭᠡᠰ ᠢ ᠳᠠᠬᠢᠨ ᠡᠷᠭᠢᠴᠡᠭᠦᠯᠦᠨ ᠣᠩᠰᠢᠪᠠ᠃ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠡᠷᠬᠢᠯᠡᠭᠦ ᠶᠢᠨ ᠬᠠᠮᠳᠤ ᠲᠠᠭᠠᠭᠤᠯᠤᠨ ᠲᠠᠩᠭ᠋ᠠᠷᠢᠭᠯᠠᠪᠠ᠃

    ᠦᠳᠡ  ᠶᠢᠨ ᠡᠮᠦᠨᠡᠬᠢ 8᠄30 ᠴᠠᠭ ᠲᠤ᠂ ᠯᠢ ᠵᠢᠢ ᠾᠧᠩ ᠨᠠᠷ ᠰᠢᠨ᠎ᠠ ᠬᠤᠳᠠ ᠵᠤᠴᠢᠳ ᠤᠨ ᠪᠠᠭᠤᠳᠠᠯ ᠤᠨ ᠬᠦᠸᠧ ᠪᠢᠨ ᠬᠤᠶᠢᠳᠦ ᠠᠰᠠᠷ ᠤᠨ ᠬᠦᠸᠧ ᠶᠠᠨ ᠲᠠᠩᠬᠢᠮ ᠳᠤ ᠬᠦᠷᠴᠤ ᠢᠷᠡᠪᠡ᠃ ᠶᠡᠭᠡ ᠲᠠᠩᠬᠢᠮ ᠤᠨ ᠳᠣᠳᠣᠷ᠎ᠠ ᠡᠯᠭᠦᠭ᠍ᠰᠡᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠤᠭ ᠤᠨᠴᠠ ᠢᠯᠡ ᠲᠠᠢ ᠬᠠᠷᠠᠬᠳᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠲᠦᠪ ᠴᠢᠩᠭ᠋᠎ᠠ ᠮᠦᠷᠳᠡᠭᠡᠨ ᠨᠠᠮ ᠵᠢᠮ᠃ ᠯᠢ ᠵᠢᠢ ᠾᠧᠩ ᠨᠦᠬᠦᠷ ᠤᠨ ᠲᠠᠭᠠᠭᠤᠯᠭ᠎ᠠ ᠳᠣᠣᠷ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭ᠋ᠤ ᠶᠢᠨ ᠬᠤᠷᠢᠶ᠎ᠠ ᠶᠢᠨ ᠬᠡᠰᠢᠭᠦᠳ ᠪᠠ ᠨᠠᠮ ᠤᠨ ᠬᠤᠷᠢᠶ᠎ᠠ ᠶᠢᠨ ᠬᠡᠰᠢᠭᠦᠳ᠂ ᠤᠷᠤᠯᠠᠬᠴᠢ ᠬᠡᠰᠢᠭᠦᠳ ᠨᠠᠮ ᠤᠨ ᠲᠤᠭ ᠢ ᠨᠢᠭᠤᠷᠳᠠᠨ ᠵᠤᠬᠰᠤᠵᠤ᠂ ᠪᠠᠷᠠᠭᠤᠨ ᠭᠠᠷ ᠤᠨ ᠨᠢᠳᠤᠷᠭ᠎ᠠ ᠪᠠᠨ ᠲᠡᠭᠡᠭ᠍ᠰᠢ ᠡᠷᠭᠦᠨ᠄ᠪᠢ ᠲᠤᠮᠳᠡᠳᠦ ᠤᠯᠦᠰ ᠤᠨ ᠡᠪ ᠬᠠᠮᠳᠦ ᠨᠡᠮ ᠳᠤ ᠰᠡᠶᠢᠠ ᠲᠤᠷ᠎ᠠ ᠠᠴᠠ ᠪᠠᠨ ᠤᠷᠦᠵᠦ᠂ ᠨᠡᠮ ᠤᠨ ᠲᠦᠷᠢᠮ ᠢ ᠬᠦᠷᠢᠶᠡᠯᠡᠠ᠂ ᠨᠡᠮ ᠤᠨ ᠲᠦᠷᠢᠮ ᠢ ᠰᠡᠬᠢᠵᠦ᠂ ᠨᠡᠮ ᠤᠨ ᠭᠡᠰᠢᠬᠦᠠ ᠤ ᠡᠬᠦᠷᠭᠡ ᠶᠢ ᠬᠦᠢᠴᠡᠦᠡᠭᠡᠵᠦ᠂ ᠨᠡᠮ ᠤᠨ ᠲᠤᠬᠳᠡᠭᠠᠯ ᠢ ᠭᠡᠷᠡᠭᠵᠢᠬᠦᠯᠦᠠ᠂ ᠨᠡᠮ ᠤᠨ ᠰᠡᠬᠢᠯᠭ᠎ᠠ ᠪᠡᠳᠦ ᠶᠢ ᠴᠢᠩᠭ᠋᠎ᠠ ᠰᠡᠬᠢᠵᠦ᠂ ᠨᠡᠮ ᠤᠨ ᠨᠢᠭᠤᠴᠠ ᠶᠢ ᠬᠠᠮᠡᠭᠠᠯᠡᠠ᠂ ᠨᠡᠮ ᠳᠠᠭᠠᠨ ᠦᠨᠡᠨᠴᠢ ᠪᠠᠶᠢᠵᠦ᠂ ᠢᠳᠡᠪᠬᠢᠳᠡᠢ ᠠᠵᠢᠯᠯᠡᠠ᠂ ᠡᠪ ᠬᠠᠮᠳᠦ ᠶᠤᠰᠦᠠ ᠤ ᠲᠦᠯᠦᠭᠡ ᠨᠠᠰᠤᠨ ᠳᠤᠷᠰᠢᠳᠠ ᠵᠢᠦᠡᠬᠦᠵᠦ᠂ ᠨᠡᠮ ᠪᠡ ᠠᠷᠡᠦᠠ ᠲᠦᠮᠡᠠ ᠤ ᠲᠦᠯᠦᠭᠡ ᠠᠯᠢᠪᠡ ᠪᠦᠬᠦᠠ ᠢᠶᠠᠨ ᠦᠷᠡᠭᠳᠡᠬᠦᠯᠬᠦ ᠪᠠᠷ ᠴᠠᠬ ᠢᠮᠡᠬᠳᠠ ᠪᠡᠯᠡᠭᠡᠠ ᠪᠠᠶᠢᠵᠦ᠂ ᠭᠡᠵᠢᠶ᠎ᠠ ᠡᠬᠦᠷᠢᠳᠠ ᠨᠡᠮ ᠠᠴᠠ ᠤᠷᠪᠠᠬᠤ ᠦᠬᠡᠢᠬᠡᠵᠤ ᠲᠦᠪ ᠴᠢᠩᠭ᠋᠎ᠠ ᠪᠡᠷ ᠲᠠᠩᠭ᠋ᠠᠷᠢᠭᠯᠠᠪᠠ᠃

    ᠴᠢᠩᠭ᠋᠎ᠠ ᠬᠦᠴᠦᠳᠠᠢ ᠲᠠᠩᠭ᠋ᠠᠷᠢᠭ ᠤᠨ ᠦᠭᠡᠰ ᠳᠣᠮᠣ ᠲᠠᠩᠬᠢᠮ ᠳᠤ ᠬᠦᠩᠬᠢᠨᠠᠨ ᠴᠤᠤᠷᠢᠶᠠᠳᠤᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠭ ᠰᠠᠨᠠᠭ᠎ᠠ ᠪᠠᠨ ᠦᠯᠦ ᠮᠠᠷᠳᠠᠵᠣ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠠ ᠴᠠᠭ ᠦᠶ᠎ᠠ ᠶᠢᠨ ᠦᠪᠦᠷ ᠮᠤᠩᠭ᠋ᠤᠯ ᠤᠨ ᠡᠯ᠎ᠠ ᠵᠦᠢᠯ ᠤᠨ ᠦᠢᠯᠡᠰ ᠤᠨ ᠬᠦᠭ᠍ᠵᠢᠯᠳᠡ ᠶᠢᠨ ᠰᠢᠨ᠎ᠠ ᠪᠠᠶᠢᠳᠠᠯ ᠢ ᠴᠢᠷᠮᠠᠶᠢᠨ ᠨᠡᠭᠡᠭᠡᠭᠦ ᠪᠠᠳᠤ ᠴᠢᠩᠭ᠋᠎ᠠ ᠢᠳᠡᠭᠡᠯ ᠪᠢᠰᠢᠷᠠᠯ ᠪᠤᠯᠤᠨ ᠡᠷᠡᠰ ᠴᠢᠩᠭ᠋᠎ᠠ ᠡᠷᠴᠢ ᠵᠤᠷᠢᠭ ᠢ ᠬᠠᠷᠠᠭᠤᠯᠪᠠ᠃ ᠳᠣᠬᠠᠢ ᠶᠢᠨ ᠳᠠᠯᠠᠪᠠᠢ ᠳᠤ ᠪᠠᠶᠢᠭᠰᠠᠨ ᠬᠦᠮᠦᠨ ᠪᠦᠷᠢ ᠨᠢᠭᠡ ᠤᠳᠠᠭ᠎ᠠ ᠶᠢᠨ ᠬᠦᠨ ᠬᠦᠨᠵᠡᠭᠡᠢ ᠨᠠᠮᠴᠢ ᠴᠢᠨᠠᠷ ᠤᠨ ᠬᠦᠮᠦᠵᠢᠯ ᠪᠤᠯᠤᠨ ᠣᠶᠣᠨ ᠰᠠᠨᠠᠭᠠᠨ ᠤ ᠤᠬᠢᠶᠠᠯ ᠬᠦᠷᠳᠡᠭᠰᠡᠨ ᠪᠠᠶᠢᠨ᠎ᠠ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121937372