蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭ᠋ᠤ ᠶᠢᠨ ᠬᠤᠷᠢᠶ᠎ᠠ ᠬᠤᠷᠠᠯ ᠬᠤᠷᠠᠯᠳᠤᠭᠤᠯᠵᠤ 《ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠭᠦ ᠲᠤᠬᠠᠢ ᠶᠠᠷᠢᠬᠰᠠᠨ ᠨᠢ》 ᠬᠡᠭᠦ ᠨᠤᠮ ᠤᠨ ᠬᠤᠶᠠᠳᠤᠭᠠᠷ ᠪᠤᠳᠢ ᠶᠢ ᠰᠤᠷᠤᠯᠴᠠᠨ ᠲᠤᠤᠱᠯᠠᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ ᠪᠦᠬᠦ ᠤᠯᠤᠰ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠬᠦᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠪᠠ

2017-11-24 16:59

    ᠯᠢ ᠵᠢᠢ ᠡᠾᠧᠩ ᠬᠤᠷᠠᠯ ᠢ ᠡᠷᠬᠢᠯᠡᠵᠡᠢ

    11 ᠰᠠᠷ᠎ᠠ ᠶᠢᠨ 23 ᠤ ᠡᠳᠦᠷ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭ᠋ᠤ ᠶᠢᠨ ᠬᠤᠷᠢᠶ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 《ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠭᠦ ᠲᠤᠬᠠᠢ ᠶᠠᠷᠢᠬᠰᠠᠨ ᠨᠢ》 ᠬᠡᠭᠦ ᠨᠤᠮ ᠤᠨ ᠬᠤᠶᠠᠳᠤᠭᠠᠷ ᠪᠤᠳᠢ ᠶᠢ ᠰᠤᠷᠤᠯᠴᠠᠨ ᠲᠤᠤᠱᠯᠠᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ ᠪᠦᠬᠦ ᠤᠯᠤᠰ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠬᠦᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠪᠠ᠃

    ᠬᠤᠷᠠᠯ ᠠᠴᠠ᠂ 《ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠭᠦ ᠲᠤᠬᠠᠢ ᠶᠠᠷᠢᠬᠰᠠᠨ ᠨᠢ》 ᠬᠡᠭᠦ ᠨᠤᠮ ᠤᠨ ᠬᠤᠶᠠᠳᠤᠭᠠᠷ ᠪᠤᠳᠢ ᠨᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠲᠠᠭᠠᠭᠤᠯᠵᠤ ᠰᠢᠨ᠎ᠠ ᠴᠠᠭ ᠦᠶ᠎ᠠ ᠳᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭ᠍ᠵᠢᠭᠦᠯᠦᠭᠰᠡᠨ ᠠᠭᠤᠤ ᠶᠡᠭᠡ ᠦᠢᠯᠡᠳᠦᠯᠭᠡ ᠶᠢ ᠠᠮᠢᠳᠤᠯᠢᠭ ᠢᠶᠠᠷ ᠲᠡᠮᠳᠡᠭᠯᠡᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠬᠦᠭ᠍ᠵᠢᠯᠳᠡ ᠶᠢᠨ ᠠᠮᠢᠨ ᠰᠤᠳᠠᠰᠦ ᠪᠠ ᠭᠤᠤᠯ ᠠᠭᠤᠯᠭ᠎ᠠ ᠶᠢ ᠲᠦᠪᠯᠡᠷᠡᠩᠭᠦᠢ ᠲᠤᠰᠬᠠᠪᠠ᠃ ᠲᠤᠰ ᠨᠤᠮ ᠢ ᠬᠡᠪᠯᠡᠭᠦᠯᠵᠤ ᠲᠠᠷᠬᠠᠭᠠᠬᠰᠠᠨ ᠨᠢ᠂ ᠦᠷᠭᠡᠨ ᠤᠯᠠᠨ ᠺᠠᠳ᠋ᠷ ᠤᠯᠠᠨ ᠲᠦᠮᠡᠨ ᠤ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠤᠢᠢᠯᠠᠭᠠᠬᠤ ᠶᠢ ᠠᠬᠢᠭᠤᠯᠬᠤ᠂ ᠪᠦᠬᠦ ᠨᠠᠮ ᠪᠦᠬᠦ ᠨᠡᠶᠢᠭᠡᠮ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠬᠠᠯᠠᠭᠤᠨ ᠦᠷᠨᠢᠯᠳᠡ ᠭᠠᠷᠭᠠᠬᠤ ᠳᠤ ᠴᠦᠮ ᠴᠢᠬᠤᠯᠠ ᠠᠴᠢ ᠬᠤᠯᠪᠤᠬᠳᠠᠯ ᠲᠠᠢ ᠶᠤᠮ᠃ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠬᠢᠨ 《ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠭᠦ ᠲᠤᠬᠠᠢ ᠶᠠᠷᠢᠬᠰᠠᠨ ᠨᠢ》 ᠬᠡᠭᠦ ᠨᠤᠮ ᠤᠨ ᠬᠤᠶᠠᠳᠤᠭᠠᠷ ᠪᠤᠳᠢ ᠶᠢ ᠰᠠᠶᠢᠳᠤᠷ ᠰᠤᠷᠤᠯᠴᠠᠨ ᠲᠤᠤᠱᠯᠠᠭᠤᠯᠬᠤ ᠪᠠᠷ 《ᠲᠦᠷᠪᠡᠨ ᠤᠬᠠᠮᠰᠠᠷ》 ᠋ ᠢ ᠪᠠᠳᠤ ᠪᠤᠢ ᠪᠤᠯᠭᠠᠬᠤ ᠶᠢᠨ ᠪᠤᠳᠠᠳᠠᠢ ᠢᠯᠡᠷᠡᠯ ᠪᠠ 《ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠭᠦ》 ᠰᠤᠷᠤᠯᠴᠠᠯᠭ᠎ᠠ ᠬᠦᠮᠦᠵᠢᠯ ᠢ ᠪᠠᠶᠢᠩᠭ᠋ᠤᠵᠢᠭᠤᠯᠬᠤ ᠲᠦᠷᠢᠮᠵᠢᠭᠦᠯᠭᠦ ᠶᠢᠨ ᠴᠢᠬᠤᠯᠠ ᠠᠭᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠯᠤᠭ᠎ᠠ ᠨᠢᠬᠳᠠ ᠤᠶᠠᠯᠳᠤᠭᠤᠯᠦᠨ᠂ ᠵᠤᠬᠢᠶᠠᠨ ᠪᠠᠶᠢᠭᠤᠯᠵᠤ ᠤᠳᠤᠷᠢᠳᠬᠤ ᠪᠠᠨ ᠴᠢᠩᠭ᠋ᠠᠳᠬᠠᠨ᠂ ᠬᠦᠴᠦᠳᠠᠢ ᠪᠦᠳᠦᠮᠵᠢᠳᠡᠢ ᠠᠬᠢᠭᠤᠯᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠴᠦᠭᠦᠷᠡᠰᠢ ᠦᠭᠡᠢ ᠲᠠᠷᠢᠬᠢ ᠲᠤᠯᠤᠭᠠᠢ ᠪᠠᠨ ᠵᠡᠪᠰᠡᠭᠯᠡᠨ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠳᠡᠢ ᠬᠡᠵᠤ ᠵᠢᠭᠠᠵᠤ ᠭᠠᠷᠭᠠᠪᠠ᠃

    ᠬᠤᠷᠠᠯ ᠠᠴᠠ᠂ ᠦᠷᠭᠡᠨ ᠤᠯᠠᠨ ᠨᠠᠮ ᠤᠨ ᠬᠡᠰᠢᠭᠦᠨ ᠺᠠᠳ᠋ᠷ ᠢᠯᠠᠩᠭ᠋ᠤᠶ᠎ᠠ ᠤᠳᠤᠷᠢᠳᠬᠤ ᠺᠠᠳ᠋ᠷᠴᠤᠳ 《ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠭᠦ ᠲᠤᠬᠠᠢ ᠶᠠᠷᠢᠬᠰᠠᠨ ᠨᠢ》 ᠬᠡᠭᠦ ᠨᠤᠮ ᠤᠨ ᠬᠤᠶᠠᠳᠤᠭᠠᠷ ᠪᠤᠳᠢ ᠶᠢ ᠵᠠᠪᠠᠯ ᠰᠤᠷᠴᠤ ᠪᠠᠶᠢᠩᠭ᠋ᠤ ᠤᠩᠰᠢᠬᠤ ᠨᠤᠮ᠂ ᠵᠠᠪᠠᠯ ᠬᠡᠷᠡᠭᠯᠡᠵᠤ ᠪᠠᠶᠢᠩᠭ᠋ᠤ ᠪᠡᠯᠡᠳᠭᠡᠭᠦ ᠪᠠᠭᠠᠵᠢ ᠪᠢᠴᠢᠭ᠌᠂ ᠵᠠᠪᠠᠯ ᠵᠢᠷᠤᠮᠯᠠᠵᠤ ᠪᠠᠶᠢᠩᠭ᠋ᠤ ᠰᠠᠬᠢᠬᠤ ᠬᠢᠴᠢᠶᠡᠰᠦ ᠪᠤᠯᠭᠠᠨ᠂ ᠤᠭ ᠵᠤᠬᠢᠶᠠᠯ ᠢ ᠲᠡᠷᠡ ᠬᠡᠪ ᠢᠶᠠᠷ ᠨᠢ ᠰᠤᠳᠤᠯᠤᠨ ᠤᠩᠰᠢᠵᠤ᠂ ᠪᠦᠬᠦ ᠲᠠᠯ᠎ᠠ ᠪᠠᠷ ᠡᠵᠡᠮᠰᠢᠨ ᠰᠢᠰᠲ᠋ᠧᠮ ᠲᠠᠢ ᠤᠢᠢᠯᠠᠭᠠᠵᠤ᠂ ᠬᠦᠨᠵᠡᠭᠡᠢ ᠰᠤᠷᠤᠯᠴᠠᠨ ᠨᠡᠪᠳᠡᠷᠡᠳᠡᠯ᠎ᠠ ᠤᠢᠢᠯᠠᠭᠠᠬᠤ ᠬᠡᠷᠡᠭᠳᠡᠢ᠃ ᠤᠨᠤᠯ ᠢ ᠪᠤᠳᠠᠳᠠᠢ ᠲᠠᠢ ᠤᠶᠠᠯᠳᠤᠭᠤᠯᠬᠤ ᠰᠢᠯᠢᠳᠡᠭ ᠰᠤᠷᠤᠯᠴᠠᠬᠤ ᠰᠤᠷᠳᠠᠯ ᠢ ᠶᠡᠭᠡᠪᠡᠷ ᠪᠠᠳᠠᠷᠠᠭᠤᠯᠵᠤ᠂ ᠰᠤᠷᠤᠯᠴᠠᠯᠭ᠎ᠠ ᠶᠢᠨ ᠦᠷ᠎ᠠ ᠪᠦᠳᠦᠭᠡᠯ ᠢ ᠤᠯᠤᠰ ᠲᠦᠷᠦ ᠶᠢᠨ ᠤᠬᠠᠮᠰᠠᠷ᠂ ᠨᠠᠮᠴᠢ ᠴᠢᠨᠠᠷ ᠤᠨ ᠬᠡᠪ ᠪᠤᠯᠪᠠᠰᠤᠷᠠᠯ᠂ ᠶᠤᠰᠤ ᠰᠤᠷᠳᠠᠬᠤᠨ ᠵᠠᠩ ᠰᠤᠷᠳᠠᠯ ᠤᠨ ᠪᠦᠬᠦ ᠲᠠᠯ᠎ᠠ ᠶᠢᠨ ᠲᠡᠭᠡᠭ᠍ᠰᠢᠯᠡᠯᠳᠡ᠂ ᠰᠤᠷᠤᠯᠴᠠᠬᠤ ᠴᠢᠳᠠᠪᠤᠷᠢ᠂ ᠤᠯᠤᠰ ᠲᠦᠷᠦ ᠶᠢᠨ ᠤᠳᠤᠷᠢᠳᠬᠤ ᠴᠢᠳᠠᠪᠤᠷᠢ᠂ ᠦᠭᠡᠷᠡᠴᠢᠯᠡᠯᠳᠡ ᠬᠢᠵᠤ ᠰᠢᠨ᠎ᠠ ᠶᠢ ᠡᠭᠦᠳᠭᠦ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠬᠦᠭ᠍ᠵᠢᠭᠦᠯᠬᠦ ᠴᠢᠳᠠᠪᠤᠷᠢ᠂ ᠬᠠᠤᠯᠢ ᠶᠤᠰᠤᠭᠠᠷ ᠲᠦᠷᠦ ᠪᠠᠷᠢᠬᠤ ᠴᠢᠳᠠᠪᠤᠷᠢ᠂ ᠤᠯᠠᠨ ᠲᠦᠮᠡᠨ ᠤ ᠠᠵᠢᠯ ᠤᠨ ᠴᠢᠳᠠᠪᠤᠷᠢ᠂ ᠨᠡᠶᠢᠳᠡᠪᠦᠷᠢᠵᠢᠭᠤᠯᠤᠯᠳᠠ ᠶᠢ ᠴᠢᠩᠭ᠋᠎ᠠ ᠠᠳᠬᠤᠬᠤ ᠴᠢᠳᠠᠪᠤᠷᠢ᠂ ᠲᠦᠭᠰᠢᠭᠦᠷᠢ ᠶᠢ ᠡᠵᠡᠮᠳᠡᠭᠦ ᠴᠢᠳᠠᠪᠤᠷᠢ ᠶᠢᠨ ᠪᠦᠬᠦ ᠲᠠᠯ᠎ᠠ ᠶᠢᠨ ᠲᠡᠭᠡᠭ᠍ᠰᠢᠯᠡᠯᠳᠡ᠂ ᠠᠵᠢᠯ ᠤᠨ ᠠᠷᠭ᠎ᠠ ᠠᠪᠴᠠᠯ᠂ ᠠᠵᠢᠯ ᠤᠨ ᠦᠷ᠎ᠠ ᠪᠦᠳᠦᠮᠵᠢ᠂ ᠠᠵᠢᠯ ᠤᠨ ᠲᠦᠪᠰᠢᠨ ᠤ ᠪᠦᠬᠦ ᠲᠠᠯ᠎ᠠ ᠶᠢᠨ ᠲᠡᠭᠡᠭ᠍ᠰᠢᠯᠡᠯᠳᠡ ᠪᠤᠯᠭᠠᠨ ᠬᠤᠪᠢᠷᠠᠭᠤᠯᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠪᠦᠷ ᠮᠤᠩᠭ᠋ᠤᠯ ᠳ᠋ᠤ ᠲᠤᠤᠱᠯᠠᠭᠤᠯᠤᠨ ᠨᠡᠶᠢᠳᠡᠪᠦᠷᠢᠵᠢᠭᠤᠯᠵᠤ ᠦᠷ᠎ᠠ ᠪᠦᠳᠦᠮᠵᠢ ᠭᠠᠷᠭᠠᠬᠤ ᠶᠢ ᠨᠡᠩ ᠰᠠᠶᠢᠳᠤᠷ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃

    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠬᠦᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠲᠦᠯᠦᠭᠡᠯᠡᠭᠴᠢᠳ ᠲᠠᠢ ᠲᠤᠳᠤᠨᠤ ᠪᠠᠷ ᠠᠭᠤᠯᠵᠠᠬᠰᠠᠨ ᠨᠢ ᠨᠠᠮ ᠤᠨ ᠲᠦᠪ ᠬᠤᠷᠢᠶ᠎ᠠ ᠪᠤᠯᠤᠨ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠵᠢᠷᠤᠮ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠲᠤᠬᠠᠢ ᠲᠡᠭᠡᠳᠦ ᠬᠡᠮᠵᠢᠶᠠᠨ ᠤ ᠴᠢᠬᠤᠯᠠᠴᠢᠯᠠᠯ ᠪᠠ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠹᠷᠤᠨᠲ ᠤᠨ ᠨᠦᠬᠦᠳ ᠢ ᠲᠤᠳᠤᠨᠤ ᠪᠠᠷ ᠬᠠᠯᠠᠮᠵᠢᠯᠠᠵᠤ ᠪᠠᠶᠢᠬᠤ ᠶᠢ ᠬᠦᠢᠴᠡᠳ ᠢᠯᠡᠷᠡᠭᠦᠯᠪᠡ᠃ ᠨᠡᠶᠢᠭᠡᠮ ᠵᠢᠷᠤᠮ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠲᠤᠬᠠᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠤᠯᠤᠰ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠬᠦᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠡᠶᠢᠳᠡᠪᠦᠷᠢᠵᠢᠭᠤᠯᠵᠤ᠂ 《ᠬᠤᠶᠠᠷ ᠶᠠᠪᠤᠳᠠᠯ ᠢ ᠠᠳᠬᠤᠵᠤ᠂ ᠬᠤᠶᠠᠷ ᠢ ᠪᠦᠷ ᠴᠢᠩᠭ᠋᠎ᠠ ᠠᠳᠬᠤᠬᠤ》 ᠪᠠᠶᠢᠯᠳᠤᠬᠤ ᠪᠤᠳᠤᠯᠭ᠎ᠠ ᠶᠢᠨ ᠴᠢᠭᠯᠡᠯᠳᠡ ᠶᠢ ᠡᠷᠡᠰ ᠪᠠᠷᠢᠮᠳᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠪᠠᠷ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠤᠯᠭᠠᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠬᠠᠢ ᠰᠤᠷᠤᠯᠴᠠᠯᠭ᠎ᠠ ᠬᠦᠮᠦᠵᠢᠯ ᠪᠠ ᠤᠬᠠᠭᠤᠯᠭ᠎ᠠ ᠲᠠᠶᠢᠯᠪᠤᠷᠢᠯᠠᠯᠳᠠ ᠶᠢ ᠴᠢᠩᠭ᠋ᠠᠳᠬᠠᠬᠤ ᠭᠤᠤᠯᠳᠠᠯᠭ᠎ᠠ ᠶᠢᠨ ᠭᠤᠤᠯᠳᠠᠯᠭ᠎ᠠ ᠪᠤᠯᠭᠠᠵᠤ᠂ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢ ᠢᠳᠡᠪᠬᠢᠳᠡᠢ ᠪᠤᠶᠢᠵᠢᠭᠤᠯᠤᠨ ᠦᠢᠯᠡᠳᠦᠯᠭᠡᠵᠢᠭᠦᠯᠵᠤ᠂ 《ᠦᠵᠡᠰᠭᠦᠯᠡᠩᠳᠦ ᠰᠠᠶᠢᠬᠠᠨ ᠦᠪᠦᠷ ᠮᠤᠩᠭ᠋ᠤᠯ ᠶᠢᠡᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ》 ᠳᠤ ᠬᠦᠴᠦᠷᠬᠡᠭ᠌ ᠶᠡᠭᠡ ᠬᠦᠴᠦᠨ ᠴᠢᠳᠠᠯ ᠢ ᠨᠢᠬᠳᠠᠷᠠᠭᠤᠯᠬᠤ ᠬᠡᠷᠡᠭᠳᠡᠢ ᠬᠡᠵᠤ ᠵᠢᠭᠠᠵᠤ ᠭᠠᠷᠭᠠᠵᠠᠢ᠃ ᠬᠤᠷᠠᠯ ᠠᠴᠠ 《ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠤᠷᠰᠢᠯᠳᠠ ᠶᠢᠨ ᠴᠢᠭ᠋ ᠢ ᠬᠦᠨᠵᠡᠭᠡᠶᠢᠷᠡᠭᠦᠯᠭᠦ ᠲᠤᠬᠠᠢ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠬᠡᠷᠡᠭᠵᠢᠭᠦᠯᠭᠦ ᠲᠦᠰᠦᠯ》 ᠢ ᠬᠢᠨᠠᠨ ᠵᠦᠪᠯᠡᠵᠤ ᠪᠠᠳᠤᠯᠠᠨ᠂ 《ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠤᠨ ᠲᠦᠯᠦᠪᠵᠢᠭᠦᠯᠭᠡ (2017 — 2021 ᠤᠨ)》 ᠵᠡᠷᠭᠡ 6 ᠨᠠᠮ ᠤᠨ ᠲᠤᠳᠤᠭᠠᠳᠦ ᠶᠢᠨ ᠬᠠᠤᠯᠢ ᠲᠦᠷᠢᠮ ᠪᠠ ᠵᠢᠷᠤᠮᠵᠢᠯ ᠤᠨ ᠴᠢᠨᠠᠷᠳᠠᠢ ᠪᠢᠴᠢᠭ᠌ ᠮᠠᠲ᠋ᠧᠷᠢᠶᠠᠯ ᠢ ᠬᠢᠨᠠᠨ ᠵᠦᠪᠯᠡᠵᠤ ᠪᠠᠳᠤᠯᠠᠪᠠ᠃

    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120791122006082