蒙古文网站Logo
ᠰᠢᠨᠬᠤᠸᠠ ᠮᠤᠩᠭ᠋ᠤᠯ ᠨᠧᠲ

ᠯᠢ ᠵᠢᠢ ᠡᠾᠸᠩ᠄ ᠶᠡᠷᠦᠩᠬᠡᠢ ᠱᠦᠵᠢ ᠶᠢᠨ ᠡᠷᠬᠢᠮ ᠨᠠᠨᠳᠢᠨ ᠬᠦᠰᠡᠯ ᠨᠡᠶᠢᠲᠡᠯᠭ᠎ᠡ ᠶᠢ ᠪᠠᠲᠤ ᠴᠡᠭᠡᠵᠢᠯᠡᠵᠦ ᠤᠯᠠᠭᠠᠠᠮᠦ᠋ᠴᠢᠷ ᠤᠨ ᠡᠨᠡᠬᠦ ᠲᠤᠭ ᠢ ᠡᠭᠦᠷᠢᠲᠡ ᠦᠨᠳᠦᠷ ᠨᠠᠮᠢᠷᠠᠭᠤᠯᠬᠤ ᠬᠡᠷᠡᠭᠲᠡᠢ

2017-11-27 12:43

    11 ᠰᠠᠷ᠎ᠠ ᠶᠢᠨ 25 ᠤ᠋ ᠡᠳᠦᠷ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠰᠢᠯᠢ ᠶᠢᠨ ᠭᠤᠤᠯ ᠠᠶᠢᠮᠠᠭ ᠤᠨ ᠰᠦᠨᠢᠳ ᠪᠠᠷᠠᠭᠤᠨ ᠬᠤᠰᠢᠭᠤᠨ ᠳᠤ ᠢᠷᠡᠵᠤ᠂ ᠤᠯᠠᠭᠠᠨᠮᠦ᠋ᠴᠢᠷ ᠤᠨ ᠦᠢᠯᠡᠰ ᠤᠨ ᠬᠦᠭ᠍ᠵᠢᠯᠳᠡ ᠶᠢᠨ ᠲᠤᠬᠠᠢ ᠪᠠᠶᠢᠴᠠᠭᠠᠨ ᠰᠤᠳᠤᠯᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢ ᠶᠢ ᠠᠵᠢᠯ ᠢᠶᠠᠨ ᠰᠠᠶᠢᠳᠤᠷ ᠬᠢᠭᠦ ᠶᠢᠨ ᠬᠦᠴᠦᠷᠭᠡᠭ᠌ ᠶᠡᠭᠡ ᠬᠦᠳᠡᠯᠭᠡᠭ᠍ᠴᠢ ᠬᠦᠴᠦᠨ ᠪᠤᠯᠭᠠᠨ ᠬᠤᠪᠢᠷᠠᠭᠤᠯᠵᠤ᠂ ᠤᠯᠠᠭᠠᠨᠮᠦ᠋ᠴᠢᠷ ᠤᠨ ᠦᠢᠯᠡᠰ ᠤᠨ ᠴᠡᠴᠡᠭᠯᠡᠯᠳᠡ ᠬᠦᠭ᠍ᠵᠢᠯᠳᠡ ᠶᠢ ᠬᠦᠴᠦᠯᠡᠨ ᠠᠬᠢᠭᠤᠯᠵᠤ᠂ ᠨᠠᠮ ᠤᠨ ᠲᠠᠭᠤᠨ ᠢ ᠰᠠᠷᠠᠭᠤᠯ ᠠᠭᠤᠳᠠᠮ ᠲᠠᠯ᠎ᠠ ᠨᠤᠳᠤᠭ ᠲᠤ ᠤᠯᠠᠮᠵᠢᠯᠠᠨ ᠲᠠᠮᠵᠢᠭᠤᠯᠵᠤ᠂ ᠰᠠᠷᠠᠭᠤᠯ ᠠᠭᠤᠳᠠᠮ ᠲᠠᠯ᠎ᠠ ᠨᠤᠳᠤᠭ ᠢ ᠡᠭᠦᠷᠢᠳᠡ ᠨᠠᠮ ᠤᠨ ᠬᠡᠷᠡᠯ ᠬᠢᠯᠪᠠᠭ᠎ᠠ ᠪᠠᠷ ᠬᠡᠶᠢᠭᠦᠯᠭᠦ ᠬᠡᠷᠡᠭᠳᠡᠢ ᠬᠡᠵᠤ ᠴᠢᠬᠤᠯᠠᠴᠢᠯᠠᠪᠠ᠃

    ᠯᠢ ᠵᠢᠢ ᠾᠧᠩ ᠰᠦᠨᠢᠳ ᠪᠠᠷᠠᠭᠤᠨ ᠬᠤᠰᠢᠭᠤᠨ ᠤ ᠰᠤᠶᠤᠯ ᠤᠨ ᠲᠦᠪ ᠲᠤ ᠬᠦᠷᠴᠤ᠂ ᠶᠠᠭ ᠰᠠᠶ᠋ᠢᠬᠠᠨ ᠲᠤᠬᠯᠠᠯᠳᠠ ᠪᠤᠯᠪᠠᠰᠤᠷᠠᠵᠤ ᠪᠠᠶᠢᠬᠰᠠᠨ ᠤᠯᠠᠭᠠᠨᠮᠦ᠋ᠴᠢᠷ ᠤᠨ ᠬᠡᠰᠢᠭᠦᠳ ᠲᠠᠢ ᠨᠢᠮᠪᠠᠢ ᠶᠠᠷᠢᠯᠴᠠᠵᠤ᠂ ᠲᠡᠳᠡᠨ ᠤ ᠵᠤᠬᠢᠶᠠᠨ ᠪᠦᠳᠦᠭᠡᠯᠭᠡ᠂ ᠲᠤᠬᠯᠠᠯᠳᠠ ᠪᠤᠯᠪᠠᠰᠤᠷᠠᠯ ᠪᠠ ᠠᠮᠢᠳᠤᠷᠠᠯ ᠤᠨ ᠪᠠᠶᠢᠳᠠᠯ ᠵᠡᠷᠭᠡ ᠶᠢ ᠨᠢ ᠬᠦᠨᠵᠡᠭᠡᠢ ᠤᠢᠢᠯᠠᠭᠠᠪᠠ᠃ ᠲᠡᠷᠡ᠂ ᠤᠯᠠᠭᠠᠨᠮᠦ᠋ᠴᠢᠷ ᠪᠤᠯ ᠡᠷᠬᠢᠮ ᠲᠡᠭᠡᠳᠦ ᠦᠢᠯᠡᠰ ᠮᠦᠨ᠂ ᠤᠯᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠡᠷᠬᠢᠮ ᠨᠠᠨᠳᠢᠨ ᠬᠦᠰᠡᠯ ᠨᠡᠶᠢᠳᠡᠯᠭ᠎ᠠ ᠶᠢ ᠪᠠᠳᠤ ᠴᠡᠭᠡᠵᠢᠯᠡᠵᠤ᠂ ᠰᠢᠯᠢᠳᠡᠭ ᠤᠯᠠᠮᠵᠢᠯᠡᠯ ᠢᠶᠠᠨ ᠪᠠᠳᠠᠷᠠᠭᠤᠯᠤᠨ᠂ ᠬᠤᠪᠢᠰᠬᠠᠯ ᠤᠨ ᠤᠳᠤᠮᠰᠢᠯ ᠢᠶᠠᠨ ᠤᠯᠠᠮᠵᠢᠯᠠᠵᠤ᠂ ᠤᠯᠠᠨ ᠲᠦᠮᠡᠨ ᠤ ᠬᠡᠷᠡᠭᠴᠡᠭᠡ ᠶᠢᠨ ᠲᠤᠭᠤᠷᠢᠨ ᠳᠤ ᠦᠭᠡᠷᠡᠴᠢᠯᠡᠯᠳᠡ ᠬᠢᠵᠤ ᠰᠢᠨ᠎ᠠ ᠶᠢ ᠡᠭᠦᠳᠭᠦ ᠶᠢ ᠠᠬᠢᠭᠤᠯᠤᠨ᠂ ᠠᠷᠠᠳ ᠲᠦᠮᠡᠨ ᠲᠠᠢ ᠤᠢᠢᠷᠠᠳᠤᠬᠰᠠᠨ᠂ ᠤᠯᠠᠨ ᠲᠦᠮᠡᠨ ᠤ ᠲᠤᠮᠳᠠ ᠲᠡᠯᠭᠡᠷᠡᠵᠤ ᠲᠠᠭᠠᠰᠢᠶᠠᠬᠳᠠᠬᠰᠠᠨ ᠰᠢᠯᠢᠳᠡᠭ ᠪᠦᠳᠦᠭᠡᠯ ᠢ ᠨᠡᠩ ᠤᠯᠠᠨ ᠵᠤᠬᠢᠶᠠᠨ ᠪᠦᠳᠦᠭᠡᠭᠦ ᠪᠠᠷ ᠴᠢᠷᠮᠠᠶᠢᠵᠤ᠂ ᠨᠠᠮ ᠢᠶᠠᠨ ᠮᠠᠬᠳᠠᠨ ᠲᠠᠭᠤᠯᠠᠬᠰᠠᠨ᠂ ᠡᠭᠡ ᠤᠯᠤᠰ ᠢᠶᠠᠨ ᠮᠠᠬᠳᠠᠨ ᠲᠠᠭᠤᠯᠠᠬᠰᠠᠨ᠂ ᠠᠷᠠᠳ ᠲᠦᠮᠡᠨ ᠢᠶᠠᠨ ᠮᠠᠬᠳᠠᠨ ᠲᠠᠭᠤᠯᠠᠬᠰᠠᠨ᠂ ᠪᠠᠭᠠᠳᠤᠷᠴᠤᠳ ᠢᠶᠠᠨ ᠮᠠᠬᠳᠠᠨ ᠲᠠᠭᠤᠯᠠᠬᠰᠠᠨ ᠰᠤᠳᠤᠨ ᠪᠦᠳᠦᠭᠡᠯ ᠢ ᠲᠠᠰᠤᠷᠠᠯᠳᠠ ᠦᠭᠡᠢ ᠭᠠᠷᠭᠠᠵᠤ᠂ ᠦᠨᠢ ᠡᠭᠦᠷᠢᠳᠡ ᠲᠠᠯ᠎ᠠ ᠨᠤᠳᠤᠭ ᠤᠨᠬᠤᠪᠢᠰᠬᠠᠯᠳᠦ ᠤᠳᠬ᠎ᠠ ᠤᠷᠠᠯᠢᠭ ᠤᠨ ᠬᠦᠩᠭᠡᠨ ᠮᠤᠷᠢᠳᠦ ᠴᠡᠷᠢᠭᠪᠤᠯᠰᠤᠭᠠᠢ ᠬᠡᠪᠡ᠃

    ᠬᠤᠰᠢᠭᠤᠨ ᠤ ᠵᠠᠯᠠᠭᠤᠴᠤᠳ ᠪᠠᠭᠠᠴᠤᠳ ᠤᠨ ᠬᠦᠳᠡᠯᠭᠡᠭᠡᠨ ᠤ ᠲᠦᠪ ᠲᠤ᠂ ᠯᠢ ᠵᠢᠢ ᠾᠧᠩ ᠤᠯᠠᠭᠠᠨᠮᠦ᠋ᠴᠢᠷ ᠤᠨ 60 ᠵᠢᠯ ᠤᠨ ᠲᠤᠷᠰᠢᠬᠢ ᠠᠮᠵᠢᠯᠳᠡ ᠶᠢᠨ ᠦᠵᠡᠭᠦᠯᠦᠯᠭᠡ ᠶᠢ ᠲᠤᠭᠤᠷᠢᠨ ᠦᠵᠡᠪᠡ᠃ ᠲᠡᠷᠡ᠂ 60 ᠵᠢᠯ ᠤᠨ ᠲᠤᠷᠰᠢ᠂ ᠦᠶ᠎ᠠ ᠦᠶ᠎ᠠ ᠶᠢᠨ ᠤᠯᠠᠭᠠᠨᠮᠦ᠋ᠴᠢᠷ ᠤᠨ ᠬᠡᠰᠢᠭᠦᠳ ᠰᠠᠯᠬᠢ ᠰᠢᠭᠤᠷᠭᠠᠨ ᠢ ᠰᠦᠷᠴᠤ᠂ ᠲᠠᠰᠬᠢᠮ᠎ᠠ ᠬᠦᠢᠳᠡᠨ ᠠᠭᠠᠬᠢᠮ᠎ᠠ ᠬᠠᠯᠠᠭᠤᠨ ᠠᠭᠤᠷ ᠠᠮᠢᠰᠬᠤᠯ ᠢ ᠬᠠᠶᠢᠬᠤᠷᠤᠯ ᠦᠭᠡᠢ ᠲᠤᠬᠯᠠᠯᠳᠠ ᠪᠠᠨ ᠤᠬᠠᠭᠤᠯᠭ᠎ᠠ᠂ ᠬᠠᠪᠰᠤᠷᠤᠨ ᠵᠢᠯᠤᠭᠤᠳᠤᠯᠭ᠎ᠠ ᠪᠠ ᠦᠢᠯᠡᠴᠢᠯᠡᠭᠡ ᠲᠠᠢ ᠤᠶᠠᠯᠳᠤᠭᠤᠯᠵᠤ᠂ ᠤᠷᠳᠤ ᠬᠤᠭᠤᠴᠠᠭ᠎ᠠ ᠪᠠᠷ ᠭᠤᠪᠢ ᠴᠦᠯ᠂ ᠲᠠᠯ᠎ᠠ ᠨᠤᠳᠤᠭ ᠢᠶᠠᠷ ᠠᠶᠠᠯᠠᠨ᠂ ᠪᠦᠬᠦ ᠤᠷᠤᠨ ᠤ ᠰᠤᠶᠤᠯ ᠤᠨ ᠴᠡᠴᠡᠭᠯᠡᠯᠳᠡ ᠬᠦᠭ᠍ᠵᠢᠯᠳᠡ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠪᠠ ᠬᠢᠯᠢ ᠬᠢᠵᠠᠭᠠᠷ ᠤᠨ ᠠᠮᠤᠷ ᠲᠦᠪᠰᠢᠨ ᠲᠤᠬᠳᠠᠭᠤᠨ ᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠤ᠂ ᠦᠪᠦᠷ ᠮᠤᠩᠭ᠋ᠤᠯ ᠤᠨ ᠤᠳᠬ᠎ᠠ ᠤᠷᠠᠯᠢᠭ ᠤᠨ ᠠᠵᠢᠯ ᠤᠨ ᠭᠤᠴᠤ ᠰᠠᠶᠢᠬᠠᠨ ᠨᠡᠷ᠎ᠠ ᠶᠢᠨ ᠬᠠᠭᠤᠳᠠᠰᠦ ᠪᠤᠯᠵᠤ᠂ ᠪᠦᠬᠦ ᠤᠯᠤᠰ ᠤᠨ ᠤᠳᠬ᠎ᠠ ᠤᠷᠠᠯᠢᠭ ᠤᠨ ᠹᠷᠤᠨᠲ ᠤᠨ ᠨᠢᠭᠡ ᠲᠤᠭ ᠪᠤᠯᠵᠠᠢ᠃ 60 ᠵᠢᠯ ᠤᠨ ᠲᠤᠷᠰᠢᠬᠢ ᠬᠤᠪᠤᠷ ᠨᠠᠨᠳᠢᠨ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠤ᠂ ᠢᠷᠠᠭᠤ ᠠᠯᠳᠠᠷ ᠢᠶᠠᠨ ᠨᠠᠨᠳᠢᠩᠨᠡᠨ᠂ ᠬᠦᠴᠦᠯᠡᠨ ᠲᠡᠮᠡᠴᠡᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠᠷ ᠰᠢᠨ᠎ᠠ ᠠᠵᠠ ᠲᠤᠬᠢᠶᠠᠯ ᠪᠤᠯᠭᠠᠨ᠂ ᠤᠯᠠᠭᠠᠨᠮᠦ᠋ᠴᠢᠷ ᠤᠨ ᠲᠦᠷᠦᠯ ᠲᠡᠮᠳᠡᠭ ᠢᠶᠠᠨ ᠴᠢᠨᠠᠬᠰᠢᠳᠠ ᠠᠯᠳᠠᠷᠰᠢᠭᠤᠯᠵᠤ᠂ ᠡᠨᠡᠭᠦ ᠲᠤᠭ ᠢ ᠡᠭᠡ ᠤᠯᠤᠰ ᠤᠨ ᠤᠮᠠᠷᠠᠳᠦ ᠬᠢᠵᠠᠭᠠᠷ ᠲᠤ ᠡᠭᠦᠷᠢᠳᠡ ᠦᠨᠳᠦᠷ ᠨᠠᠮᠢᠷᠠᠭᠤᠯᠬᠤ ᠬᠡᠷᠡᠭᠳᠡᠢ ᠬᠡᠪᠡ᠃

    ᠪᠠᠶᠢᠴᠠᠭᠠᠨ ᠰᠤᠳᠤᠯᠬᠤ ᠬᠤᠭᠤᠴᠠᠭᠠᠨ ᠳᠠᠭᠠᠨ᠂ ᠯᠢ ᠵᠢᠢ ᠾᠧᠩ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠤ᠂ ᠤᠯᠠᠭᠠᠨᠮᠦ᠋ᠴᠢᠷ ᠤᠨ ᠬᠡᠰᠢᠭᠦᠳ ᠲᠠᠢ ᠰᠠᠨᠠᠯ ᠢᠶᠠᠨ ᠬᠦᠨᠵᠡᠭᠡᠢ ᠰᠤᠯᠢᠯᠴᠠᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠨᠦᠬᠦᠳ ᠨᠠᠷ ᠲᠤ ᠬᠠᠷᠢᠭᠤ ᠵᠠᠬᠢᠳᠠᠯ ᠢᠯᠡᠭᠡᠭ᠍ᠰᠡᠨ ᠨᠢ ᠦᠷᠭᠡᠨ ᠤᠯᠠᠨ ᠤᠯᠠᠭᠠᠨᠮᠦ᠋ᠴᠢᠷ ᠤᠨ ᠬᠡᠰᠢᠭᠦᠨ ᠳᠤ ᠪᠠᠬᠠᠳᠤᠯ ᠵᠤᠷᠢᠬᠵᠢᠭᠤᠯᠤᠯ ᠪᠤᠯᠬᠤ ᠮᠦᠷᠳᠡᠭᠡᠨ ᠪᠦᠬᠦ ᠤᠷᠤᠨ ᠤ ᠦᠨᠳᠦᠰᠦᠳᠡᠨ ᠨᠦᠭᠦᠳ ᠤᠨ 2500 ᠲᠦᠮᠨ ᠭᠠᠷᠤᠢ ᠺᠠᠳ᠋ᠷ ᠤᠯᠠᠨ ᠲᠦᠮᠡᠨ ᠳᠤ ᠴᠤ ᠮᠠᠰᠢ ᠶᠡᠭᠡ ᠤᠷᠮᠠᠰᠢᠭᠤᠯᠤᠯ ᠪᠤᠯᠬᠤ ᠶᠤᠮ᠃ ᠪᠢᠳᠡᠲᠦᠷᠪᠡᠨ ᠤᠬᠠᠮᠰᠠᠷ》 ᠢ᠋ᠶᠡᠨ ᠴᠢᠨᠠᠬᠰᠢᠳᠠ ᠴᠢᠩᠭ᠋ᠠᠳᠬᠠᠨ᠂ᠲᠦᠷᠪᠡᠨ ᠢᠳᠡᠭᠡᠯ》 ᠢ᠋ᠶᠡᠨ ᠴᠢᠨᠠᠬᠰᠢᠳᠠ ᠪᠠᠳᠤᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠰᠢᠨ᠎ᠠ ᠴᠠᠭ ᠦᠶ᠎ᠠ ᠶᠢᠨ ᠤᠯᠠᠭᠠᠨᠮᠦ᠋ᠴᠢᠷ ᠤᠨ ᠦᠢᠯᠡᠰ ᠢ ᠲᠠᠰᠤᠷᠠᠯᠳᠠ ᠦᠭᠡᠢ ᠰᠢᠨ᠎ᠠ ᠲᠦᠪᠰᠢᠨ ᠳᠤ ᠬᠦᠷᠭᠡᠵᠤ᠂ ᠪᠤᠳᠠᠳᠤ ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠢ ᠴᠢᠩ ᠦᠨᠡᠨᠴᠢ ᠪᠠᠷ ᠬᠦᠷᠢᠶᠡᠯᠡᠨ ᠬᠢᠵᠠᠭᠠᠯᠠᠰᠢ ᠦᠭᠡᠢ ᠬᠠᠶᠢᠷᠠᠯᠠᠵᠤ ᠪᠠᠶᠢᠬᠤ ᠪᠠᠨ ᠢᠯᠡᠳᠭᠡᠭᠦ ᠬᠡᠷᠡᠭᠳᠡᠢ᠃ ᠪᠦᠬᠦ ᠤᠷᠤᠨ ᠤ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤᠯᠠᠭᠠᠨᠮᠦ᠋ᠴᠢᠷ ᠤᠨ ᠦᠢᠯᠡᠰ ᠤᠨ ᠬᠦᠭ᠍ᠵᠢᠯᠳᠡ ᠶᠢ ᠴᠢᠬᠤᠯᠠ ᠵᠦᠪᠯᠡᠭᠦ ᠵᠦᠢᠯ ᠳᠡᠭᠡᠨ ᠤᠷᠤᠭᠤᠯᠵᠤ᠂ ᠤᠯᠠᠭᠠᠨᠮᠦ᠋ᠴᠢᠷ ᠤᠨ ᠬᠦᠭ᠍ᠵᠢᠯᠳᠡ ᠳᠤ ᠲᠤᠯᠭᠠᠷᠠᠵᠤ ᠪᠦᠬᠦᠢ ᠬᠦᠴᠢᠷᠳᠡᠯ ᠪᠤᠯᠤᠨ ᠠᠰᠠᠭᠤᠳᠠᠯ ᠢ ᠬᠦᠨᠵᠡᠭᠡᠢ ᠰᠤᠳᠤᠯᠤᠨ ᠬᠢᠨᠠᠮᠠᠭᠠᠢ ᠰᠢᠢᠳᠪᠦᠷᠢᠯᠡᠵᠤ᠂ ᠤᠯᠠᠭᠠᠨᠮᠦ᠋ᠴᠢᠷ ᠤᠨ ᠦᠢᠯᠡᠰ ᠤᠨ ᠬᠦᠭ᠍ᠵᠢᠯᠳᠡ ᠶᠢ ᠠᠬᠢᠭᠤᠯᠬᠤ ᠲᠤᠮᠳᠠ ᠤᠷᠳᠤ ᠬᠤᠭᠤᠴᠠᠭᠠᠨ ᠤ ᠲᠦᠯᠦᠪᠵᠢᠭᠦᠯᠭᠡ ᠵᠢᠴᠢ ᠢᠵᠢ ᠪᠦᠷᠢᠳᠦᠭᠦᠯᠦᠭᠰᠡᠨ ᠠᠷᠭ᠎ᠠ ᠠᠪᠴᠠᠯ ᠢ ᠨᠠᠷᠢᠨ ᠬᠢᠨᠠᠮᠠᠭᠠᠢ ᠰᠤᠳᠤᠯᠤᠨ ᠲᠤᠬᠳᠠᠭᠠᠵᠤ᠂ ᠲᠦᠷᠦ ᠶᠢᠨ ᠪᠤᠳᠤᠯᠭ᠎ᠠ ᠶᠢᠨ ᠲᠡᠮᠵᠢᠯᠭᠡ ᠶᠢᠨ ᠡᠷᠴᠢᠮ ᠢᠶᠠᠨ ᠴᠢᠩᠭ᠋ᠠᠷᠠᠭᠤᠯᠵᠤ᠂ ᠤᠯᠠᠭᠠᠨᠮᠦ᠋ᠴᠢᠷ ᠤᠨ ᠦᠢᠯᠡᠰ ᠤᠨ ᠬᠦᠭ᠍ᠵᠢᠯᠳᠡ ᠳᠤ ᠬᠦᠴᠦᠳᠤ ᠪᠠᠳᠤᠯᠠᠭ᠎ᠠ ᠬᠠᠩᠭ᠋ᠠᠬᠤ ᠬᠡᠷᠡᠭᠳᠡᠢ᠃ ᠤᠯᠠᠭᠠᠨᠮᠦ᠋ᠴᠢᠷ ᠤᠨ ᠦᠩᠭᠡ ᠬᠡᠷᠡᠯᠳᠦ ᠤᠯᠠᠮᠵᠢᠯᠠᠯ ᠪᠤᠯᠤᠨ ᠰᠢᠯᠢᠳᠡᠭ ᠰᠤᠷᠳᠠᠯ ᠢᠶᠠᠨ ᠶᠡᠭᠡᠪᠡᠷ ᠪᠠᠳᠠᠷᠠᠭᠤᠯᠵᠤ᠂ ᠡᠯ᠎ᠠ ᠠᠵᠢᠯ ᠲᠦᠷᠦᠯ ᠤᠨ ᠬᠢᠨ ᠢ ᠬᠦᠳᠦᠯᠦᠨ ᠵᠢᠯᠤᠭᠤᠳᠴᠤ ᠵᠤᠷᠢᠬᠵᠢᠭᠤᠯᠵᠤ ᠪᠠᠶᠢᠭᠠᠳ ᠤᠯᠠᠭᠠᠨᠮᠦ᠋ᠴᠢᠷ ᠤᠨ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠢᠶᠠᠨ ᠬᠠᠶᠢᠷᠠᠯᠠᠬᠤ᠂ ᠲᠡᠰᠪᠤᠷᠢ ᠬᠠᠳᠠᠭᠤᠵᠢᠯᠳᠠᠢ ᠠᠵᠢᠯᠯᠠᠬᠤ᠂ ᠪᠦᠯᠬᠦᠮᠳᠡᠨ ᠲᠡᠮᠡᠴᠡᠭᠦ᠂ ᠵᠤᠷᠢᠬᠳᠠᠢ ᠪᠠᠷ ᠰᠢᠨ᠎ᠠ ᠶᠢ ᠡᠭᠦᠳᠭᠦ᠂ ᠲᠤᠷᠠᠳᠠᠶ᠎ᠠ ᠦᠪᠡᠷ ᠢ ᠪᠠᠨ ᠦᠷᠡᠭᠳᠡᠭᠦᠯᠭᠦ ᠵᠤᠷᠢᠭ ᠰᠠᠨᠠᠭ᠎ᠠ ᠶᠢ ᠰᠤᠷᠤᠯᠴᠠᠨ ᠪᠠᠳᠠᠷᠠᠭᠤᠯᠵᠤ᠂ ᠤᠭ ᠰᠠᠨᠠᠭ᠎ᠠ ᠪᠠᠨ ᠦᠯᠦ ᠮᠠᠷᠳᠠᠵᠤ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠤ᠂ᠦᠵᠡᠰᠭᠦᠯᠡᠩᠳᠦ ᠰᠠᠶᠢᠬᠠᠨ ᠦᠪᠦᠷ ᠮᠤᠩᠭ᠋ᠤᠯ ᠶᠢᠡᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠬᠦᠳ᠋ᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠭᠦ ᠬᠡᠷᠡᠭᠳᠡᠢ ᠬᠡᠪᠡ᠃

    ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭ᠋ᠤ ᠶᠢᠨ ᠬᠡᠰᠢᠭᠦᠨ᠂ ᠨᠠᠷᠢᠨ ᠪᠢᠴᠢᠭ᠌ ᠤᠨ ᠲᠠᠷᠤᠭ᠎ᠠ ᠯᠦᠸᠧ ᠶᠦᠩ ᠭᠠᠩ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠪᠠᠶᠢᠴᠠᠭᠠᠨ ᠰᠤᠳᠤᠯᠬᠤ ᠳᠤ ᠤᠷᠤᠯᠴᠠᠵᠠᠢ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122016450