蒙古文网站Logo
ᠰᠢᠨᠬᠤᠸᠠ ᠮᠤᠩᠭ᠋ᠤᠯ ᠨᠧᠲ

ᠪᠦ᠋ ᠰᠢᠶᠤᠤ ᠯᠢᠨ᠄ ᠶᠡᠷᠦᠩᠬᠡᠢ ᠱᠦᠵᠢ ᠰᠢ ᠶᠢᠨ ᠫᠢᠩ ᠤᠨ ᠡᠷᠬᠢᠮ ᠨᠠᠨᠳᠢᠨ ᠬᠦᠰᠡᠯ ᠨᠡᠶᠢᠳᠡᠯᠭ᠎ᠠ ᠶᠢ ᠪᠠᠳᠤ ᠴᠡᠭᠡᠵᠢᠯᠡᠵᠤ ᠤᠭ ᠰᠠᠨᠠᠭ᠎ᠠ ᠪᠠᠨ ᠦᠯᠦ ᠮᠠᠷᠳᠠᠵᠤ ᠦᠨᠢ ᠡᠭᠦᠷᠢᠳᠡ ᠲᠠᠯ᠎ᠠ ᠨᠤᠳᠤᠭ ᠤᠨ 《ᠬᠤᠪᠢᠰᠬᠠᠯᠳᠦ ᠤᠳᠬ᠎ᠠ ᠤᠷᠠᠯᠢᠭ ᠤᠨ ᠬᠦᠩᠭᠡᠨ ᠮᠤᠷᠢᠳᠦ ᠴᠡᠷᠢᠭ》 ᠪᠤᠯᠬᠤ ᠬᠡᠷᠡᠭᠳᠡᠢ

2017-11-27 17:14

    11 ᠰᠠᠷ᠎ᠠ ᠶᠢᠨ 25 ᠤ᠋ ᠡᠳᠦᠷ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠤᠯᠠᠭᠠᠨᠬᠠᠳᠠ ᠬᠤᠳᠠ ᠶᠢᠨ ᠤᠩᠨᠢᠭᠤᠳ ᠬᠤᠰᠢᠭᠤᠨ ᠤ ᠤᠯᠠᠭᠠᠨᠮᠦ᠋ᠴᠢᠷ ᠲᠤ ᠬᠦᠷᠴᠦ ᠪᠠᠶᠢᠴᠠᠭᠠᠨ ᠰᠤᠳᠤᠯᠤᠯᠳᠠ ᠬᠢᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢ ᠪᠠ ᠡᠷᠬᠢᠮ ᠨᠠᠨᠳᠢᠨ ᠬᠦᠰᠡᠯ ᠨᠡᠶᠢᠳᠡᠯᠭ᠎ᠠ ᠶᠢ ᠪᠠᠳᠤ ᠴᠡᠭᠡᠵᠢᠯᠡᠵᠤ᠂ ᠦᠨᠢ ᠡᠭᠦᠷᠢᠳᠡ ᠲᠠᠯ᠎ᠠ ᠨᠤᠳᠤᠭ ᠤᠨ 《ᠬᠤᠪᠢᠰᠬᠠᠯᠳᠦ ᠤᠳᠬ᠎ᠠ ᠤᠷᠠᠯᠢᠭ ᠤᠨ ᠬᠦᠩᠭᠡᠨ ᠮᠤᠷᠢᠳᠦ ᠴᠡᠷᠢᠭ》 ᠪᠤᠯᠬᠤ ᠬᠡᠷᠡᠭᠳᠡᠢ ᠬᠡᠵᠤ ᠴᠢᠬᠤᠯᠠᠴᠢᠯᠠᠪᠠ᠃

    ᠪᠦ᠋ ᠰᠢᠶᠤᠤ ᠯᠢᠨ ᠤᠯᠠᠭᠠᠨᠮᠦ᠋ᠴᠢᠷ ᠤᠨ ᠲᠤᠬᠯᠠᠯᠳᠠ ᠪᠤᠯᠪᠠᠰᠤᠷᠠᠵᠤ ᠪᠠᠶᠢᠬᠰᠠᠨ ᠲᠤᠬᠠᠢ ᠶᠢᠨ ᠲᠠᠯᠠᠪᠠᠢ ᠳᠤ ᠬᠦᠷᠴᠤ᠂ ᠵᠠᠯᠠᠭᠤ ᠠᠬᠠᠮᠠᠳ ᠬᠡᠰᠢᠭᠦᠳ ᠲᠠᠢ ᠰᠠᠨᠠᠯ ᠢᠶᠠᠨ ᠬᠦᠨᠵᠡᠭᠡᠢ ᠰᠤᠯᠢᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠬᠠᠷᠢᠭᠤ ᠵᠠᠬᠢᠳᠠᠯ ᠢ ᠰᠤᠷᠤᠯᠴᠠᠬᠰᠠᠨ ᠲᠡᠳᠡᠨ ᠤ ᠲᠤᠬᠳᠤᠯᠤᠮ᠎ᠠ ᠰᠡᠳᠬᠢᠯᠭᠡ᠂ ᠤᠯᠠᠭᠠᠨᠮᠦ᠋ᠴᠢᠷ ᠤᠨ ᠬᠦᠭ᠍ᠵᠢᠯᠳᠡ ᠶᠢᠨ ᠶᠠᠪᠤᠴᠠ ᠶᠢᠨ ᠲᠤᠬᠠᠢ ᠭᠦᠨᠵᠡᠭᠡᠢ ᠡᠷᠭᠢᠴᠡᠭᠦᠯᠤᠯ ᠪᠤᠯᠤᠨ ᠢᠷᠡᠭᠡᠳᠦᠢ ᠶᠢᠨ ᠲᠤᠬᠠᠢ ᠰᠠᠶᠢᠨ ᠰᠠᠶᠢᠬᠠᠨ ᠬᠦᠰᠡᠯ ᠡᠷᠡᠮᠡᠯᠵᠡᠯ ᠢ ᠨᠢ ᠰᠤᠨᠤᠰᠪᠠ᠃ ᠪᠦ᠋ ᠰᠢᠶᠤᠤ ᠯᠢᠨ᠂ ᠶᠡᠷᠦᠩᠬᠡᠢ ᠱᠦᠵᠢ ᠰᠢ ᠶᠢᠨ ᠫᠢᠩ ᠤᠯᠠᠭᠠᠨᠮᠦ᠋ᠴᠢᠷ ᠪᠤᠯ ᠪᠦᠬᠦ ᠤᠯᠤᠰ ᠤᠨ ᠤᠳᠬ᠎ᠠ ᠤᠷᠠᠯᠢᠭ ᠤᠨ ᠹᠷᠤᠨᠲ ᠤᠨ ᠨᠢᠭᠡᠨ ᠲᠤᠭ ᠮᠦᠨ ᠬᠡᠵᠤ ᠮᠠᠬᠳᠠᠵᠤ ᠰᠠᠶᠢᠰᠢᠶᠠᠬᠰᠠᠨ ᠨᠢ ᠬᠦᠢᠴᠡᠳ ᠨᠤᠳᠠᠯᠠᠯᠳᠠ ᠪᠤᠯᠬᠤ ᠮᠦᠷᠳᠡᠭᠡᠨ ᠨᠡᠩ ᠴᠤ ᠴᠢᠩ ᠰᠡᠤᠡᠭᠢᠯ ᠤᠨ ᠵᠤᠷᠢᠬᠵᠢᠭᠤᠯᠤᠯ᠂ ᠬᠦᠰᠡᠯ ᠡᠷᠡᠮᠡᠯᠵᠡᠯ ᠪᠠ ᠱᠠᠯᠠᠪᠳᠠᠭᠤᠯᠤᠯ ᠪᠤᠯᠬᠤ ᠶᠤᠮ᠃ ᠰᠢᠨ᠎ᠠ ᠴᠠᠭ ᠦᠶ᠎ᠠ ᠳᠤ ᠮᠠᠨ ᠤ ᠤᠯᠤᠰ ᠬᠦᠴᠦᠷᠭᠡᠭ᠍ᠵᠢᠵᠤ᠂ ᠤᠳᠬ᠎ᠠ ᠤᠷᠠᠯᠢᠭ ᠤᠨ ᠦᠢᠯᠡᠰ ᠡᠷᠬᠡᠪᠰᠢ ᠬᠦᠴᠦᠷᠭᠡᠭ᠍ᠵᠢᠭᠦ ᠬᠡᠷᠡᠭᠳᠡᠢ᠂ ᠤᠯᠠᠨ ᠢᠶᠠᠷ ᠢᠶᠠᠨ ᠰᠤᠶᠤᠯ ᠤᠨ ᠢᠳᠡᠭᠡᠯ ᠢᠶᠠᠨ ᠪᠠᠳᠤᠳᠬᠠᠨ᠂ ᠤᠯᠠᠭᠠᠨᠮᠦ᠋ᠴᠢᠷ ᠤᠨ ᠡᠨᠡᠭᠦ ᠲᠤᠭ ᠢ ᠰᠢᠨ᠎ᠠ ᠴᠠᠭ ᠦᠶ᠎ᠠ ᠰᠢᠨ᠎ᠠ ᠠᠶᠠᠨ ᠵᠠᠮ ᠳᠠᠬᠢ ᠨᠡᠩ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠪᠤᠯᠭᠠᠰᠤᠭᠠᠢ ᠬᠡᠵᠤ ᠬᠦᠰᠡᠪᠡ᠃

    ᠪᠦ᠋ ᠰᠢᠶᠤᠤ ᠯᠢᠨ ᠬᠡᠰᠢᠭᠦᠳ ᠤᠨ ᠲᠤᠬᠯᠠᠯᠳᠠ ᠪᠤᠯᠪᠠᠰᠤᠷᠠᠯ ᠢ ᠰᠤᠨᠢᠷᠬᠠᠵᠤ᠂ ᠤᠯᠠᠭᠠᠨᠮᠦ᠋ᠴᠢᠷ ᠤᠨ ᠬᠦᠭ᠍ᠵᠢᠯᠳᠡ ᠶᠢᠨ ᠪᠠᠶᠢᠳᠠᠯ ᠢ ᠨᠢᠮᠪᠠᠢ ᠤᠢᠢᠯᠠᠭᠠᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠬᠠᠷᠢᠭᠤ ᠵᠠᠬᠢᠳᠠᠯ ᠳᠠᠭᠠᠨ 《 ᠤᠯᠠᠭᠠᠨᠮᠦ᠋ᠴᠢᠷ ᠤᠨ ᠦᠨᠢᠳᠡ ᠶᠢᠨ ᠦᠷᠨᠢᠩᠭᠦᠢ ᠬᠦᠭ᠍ᠵᠢᠯᠳᠡ ᠨᠢ ᠠᠷᠠᠳ ᠲᠦᠮᠡᠨ ᠤᠷᠠᠯᠢᠭ ᠢ ᠬᠡᠷᠡᠭᠰᠡᠨ᠎ᠠ᠂ ᠤᠷᠠᠯᠢᠭ ᠴᠤ ᠠᠷᠠᠳ ᠲᠦᠮᠡᠨ ᠢ ᠬᠡᠷᠡᠭᠰᠡᠨ᠎ᠠ ᠬᠡᠳᠡᠭ ᠢ ᠬᠠᠷᠠᠭᠤᠯᠵᠤ ᠪᠤᠢ》 ᠬᠡᠵᠤ ᠵᠢᠭᠠᠵᠤ ᠭᠠᠷᠭᠠᠬᠰᠠᠨ ᠨᠢ ᠠᠷᠠᠳ ᠲᠦᠮᠡᠨ ᠢᠶᠠᠷ ᠭᠤᠤᠯ ᠪᠤᠯᠭᠠᠬᠤ ᠡᠨᠡᠭᠦ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠮᠦᠨ ᠴᠢᠨᠠᠷ ᠤᠨ ᠱᠠᠭᠠᠷᠳᠠᠯᠭ᠎ᠠ ᠶᠢ ᠬᠦᠨᠵᠡᠭᠡᠢ ᠲᠤᠳᠤᠷᠬᠠᠢᠢᠯᠠᠨ ᠦᠭᠦᠯᠡᠪᠡ᠃ ᠤᠯᠠᠭᠠᠨᠮᠦ᠋ᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠡᠷᠬᠢᠮ ᠨᠠᠨᠳᠢᠨ ᠬᠦᠰᠡᠯ ᠨᠡᠶᠢᠳᠡᠯᠭ᠎ᠠ ᠶᠢ ᠪᠠᠳᠤ ᠴᠡᠭᠡᠵᠢᠯᠡᠵᠤ᠂ ᠤᠭ ᠰᠠᠨᠠᠭ᠎ᠠ ᠪᠠᠨ ᠦᠯᠦ ᠮᠠᠷᠳᠠᠵᠤ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ᠂ ᠢᠮᠠᠬᠳᠠ ᠦᠨᠳᠦᠰᠦᠨ ᠱᠠᠳᠤᠨ ᠳᠤ ᠦᠨᠳᠦᠰᠦᠯᠡᠵᠤ᠂ ᠠᠮᠢᠳᠤᠷᠠᠯ ᠤᠨ ᠰᠢᠮᠡᠯᠢᠭ ᠬᠦᠷᠦᠰᠦᠨ ᠳᠤ ᠦᠨᠳᠦᠰᠦᠯᠡᠵᠤ᠂ ᠤᠯᠠᠨ ᠲᠦᠮᠡᠨ ᠲᠠᠢ ᠤᠢᠢᠷᠠᠳᠤᠬᠰᠠᠨ᠂ ᠤᠯᠠᠨ ᠲᠦᠮᠡᠨ ᠤ ᠲᠤᠮᠳᠠ ᠲᠡᠯᠭᠡᠷᠡᠵᠤ ᠲᠠᠭᠠᠰᠢᠶᠠᠬᠳᠠᠬᠰᠠᠨ ᠰᠢᠯᠢᠳᠡᠭ ᠪᠦᠳᠦᠭᠡᠯ ᠢ ᠨᠡᠩ ᠤᠯᠠᠨ ᠭᠠᠷᠭᠠᠵᠤ᠂ ᠨᠠᠮ ᠤᠨ ᠲᠠᠭᠤᠨ ᠪᠠ ᠬᠠᠶᠢᠷ᠎ᠠ ᠬᠠᠯᠠᠮᠵᠢ ᠶᠢ ᠨᠡᠩ ᠰᠠᠶᠢᠳᠤᠷ ᠲᠠᠮᠵᠢᠭᠤᠯᠵᠤ᠂ ᠮᠠᠯᠴᠢᠨ ᠲᠠᠷᠢᠶᠠᠴᠢᠨ ᠲᠦᠮᠡᠨ ᠤ ᠤᠶᠤᠨ ᠤ ᠪᠠ ᠰᠤᠶᠤᠯ ᠤᠨ ᠠᠮᠢᠳᠤᠷᠠᠯ ᠢ ᠨᠡᠩ ᠰᠠᠶᠢᠳᠤᠷ ᠪᠠᠶᠠᠯᠢᠬᠵᠢᠭᠤᠯᠤᠨ᠂ ᠬᠤᠪᠢᠰᠬᠠᠯᠳᠦ ᠤᠳᠤᠮᠰᠢᠯ ᠢ ᠦᠶ᠎ᠠ ᠶᠢᠨ ᠦᠶ᠎ᠠ ᠳᠡᠭᠡᠨ ᠵᠠᠯᠭᠠᠮᠵᠢᠯᠠᠵᠤ᠂ ᠦᠨᠢ ᠡᠭᠦᠷᠢᠳᠡ ᠲᠠᠯ᠎ᠠ ᠨᠤᠳᠤᠭ ᠤᠨ 《ᠬᠤᠪᠢᠰᠬᠠᠯᠳᠦ ᠤᠳᠬ᠎ᠠ ᠤᠷᠠᠯᠢᠭ ᠤᠨ ᠬᠦᠩᠭᠡᠨ ᠮᠤᠷᠢᠳᠦ ᠴᠡᠷᠢᠭ》 ᠪᠤᠯᠰᠤᠭᠠᠢ ᠬᠡᠪᠡ᠃

    ᠪᠦ᠋ ᠰᠢᠶᠤᠤ ᠯᠢᠨ᠂ ᠶᠡᠷᠦᠩᠬᠡᠢ ᠱᠦᠵᠢ ᠰᠢ ᠶᠢᠨ ᠫᠢᠩ ᠤᠨ ᠬᠠᠷᠢᠭᠤ ᠵᠠᠬᠢᠳᠠᠯ ᠨᠢ ᠮᠦᠨᠴᠤ ᠪᠦᠬᠦ ᠤᠷᠤᠨ ᠤ ᠤᠳᠬ᠎ᠠ ᠤᠷᠠᠯᠢᠭ ᠤᠨ ᠦᠢᠯᠡᠰ ᠲᠤ ᠲᠠᠯᠪᠢᠬᠰᠠᠨ ᠡᠷᠬᠢᠮ ᠨᠠᠨᠳᠢᠨ ᠬᠦᠰᠡᠯ ᠨᠡᠶᠢᠳᠡᠯᠭ᠎ᠠ ᠪᠤᠯᠬᠤ ᠪᠦᠭᠡᠳ ᠦᠨᠳᠦᠰᠦᠳᠡᠨ ᠨᠦᠭᠦᠳ ᠤᠨ ᠠᠷᠠᠳ ᠲᠦᠮᠡᠨ ᠢ ᠬᠠᠯᠠᠮᠵᠢᠯᠠᠵᠤ ᠪᠠᠶᠢᠭ᠎ᠠ ᠶᠠᠪᠤᠳᠠᠯ ᠪᠤᠯᠬᠤ ᠶᠤᠮ᠂ ᠡᠯ᠎ᠠ ᠱᠠᠳᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠬᠠᠷᠢᠭᠤ ᠵᠠᠬᠢᠳᠠᠯ ᠢ ᠰᠤᠷᠤᠯᠴᠠᠨ ᠲᠤᠤᠱᠯᠠᠭᠤᠯᠬᠤ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠤᠶᠠᠯᠳᠤᠭᠤᠯᠤᠨ᠂ ᠤᠯᠠᠭᠠᠨᠮᠦ᠋ᠴᠢᠷ ᠤᠨ ᠬᠦᠭ᠍ᠵᠢᠯᠳᠡ ᠶᠢ ᠶᠡᠭᠡᠪᠡᠷ ᠲᠡᠮᠵᠢᠵᠤ᠂ ᠰᠤᠶᠤᠯ ᠤᠨ ᠠᠵᠢᠯ ᠢ ᠴᠢᠩᠭ᠋ᠠᠳᠬᠠᠨ ᠰᠠᠶᠢᠵᠢᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢ ᠪᠤᠯᠤᠨ ᠬᠦᠰᠡᠯ ᠨᠡᠶᠢᠳᠡᠯᠭ᠎ᠠ ᠶᠢ ᠪᠦᠬᠦ ᠤᠷᠤᠨ ᠤ ᠰᠤᠶᠤᠯ ᠢ ᠴᠡᠴᠡᠭᠯᠡᠭᠦᠯᠦᠨ ᠬᠦᠭ᠍ᠵᠢᠭᠦᠯᠭᠦ ᠯᠤᠳᠤ ᠶᠡᠭᠡ ᠬᠦᠳᠡᠯᠭᠡᠬᠦ ᠬᠦᠴᠦᠨ ᠪᠤᠯᠭᠠᠨ ᠬᠤᠪᠢᠷᠠᠭᠤᠯᠵᠤ᠂ 《ᠦᠵᠡᠰᠭᠦᠯᠡᠩᠳᠦ ᠰᠠᠶᠢᠬᠠᠨ ᠦᠪᠦᠷ ᠮᠤᠩᠭ᠋ᠤᠯ ᠶᠢᠡᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ》 ᠰᠤᠶᠤᠯ ᠤᠨ ᠰᠢᠨ᠎ᠠ ᠬᠠᠭᠤᠳᠠᠰᠦ ᠶᠢ ᠪᠢᠴᠢᠭᠯᠡᠭᠦ ᠬᠡᠷᠡᠭᠳᠡᠢ ᠬᠡᠵᠤ ᠵᠢᠭᠠᠵᠤ ᠭᠠᠷᠭᠠᠪᠠ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122018417