蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ᠄ ᠰᠢᠨ᠎ᠠ ᠴᠠᠭ ᠦᠶ᠎ᠠ ᠳᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠳᠤ ᠰᠢᠨ᠎ᠠ ᠲᠦᠷᠰᠦ ᠪᠠᠶᠢᠳᠠᠯ ᠰᠢᠨ᠎ᠠ ᠵᠢᠳᠬᠦᠯ ᠴᠢᠷᠮᠠᠶᠢᠯᠭ᠎ᠠ ᠪᠠᠶᠢᠬᠤ ᠬᠡᠷᠡᠭᠳᠠᠢ

2017-11-30 16:46

    11 ᠰᠠᠷ᠎ᠠ ᠶᠢᠨ 28 ᠤ ᠦᠳᠡ ᠶᠢᠨ ᠬᠤᠶᠢᠨ᠎ᠠ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠭᠦᠯᠭᠦ ᠤᠳᠤᠷᠢᠳᠬᠤ ᠲᠤᠭᠤᠢᠢᠯᠠᠩ ᠬᠤᠷᠢᠨ ᠨᠠᠶ᠋ᠮᠠᠲᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠤᠳᠤᠷᠢᠳᠬᠤ ᠲᠤᠭᠤᠢᠢᠯᠠᠩ ᠤᠨ ᠲᠠᠷᠤᠭ᠎ᠠ ᠯᠢ ᠵᠢᠢ ᠾᠧᠩ ᠬᠤᠷᠠᠯ ᠡᠷᠬᠢᠯᠡᠭᠦ ᠶᠢᠨ ᠬᠠᠮᠳᠤ ᠶᠠᠷᠢᠶ᠎ᠠ ᠲᠠᠯᠪᠢᠬᠤ ᠳᠠᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠦᠭᠡᠷᠡᠴᠢᠯᠡᠯᠳᠡ ᠶᠢᠨ ᠴᠢᠭᠯᠡᠯ ᠢᠶᠠᠨ ᠪᠠᠳᠤᠳᠬᠠᠨ᠂ ᠦᠭᠡᠷᠡᠴᠢᠯᠡᠯᠳᠡ ᠶᠢᠨ ᠨᠡᠶᠢᠳᠡᠪᠦᠷᠢᠵᠢᠭᠤᠯᠤᠯᠳᠠ ᠶᠢ ᠠᠬᠢᠭᠤᠯᠵᠤ᠂ ᠰᠢᠨ᠎ᠠ ᠴᠠᠭ ᠦᠶ᠎ᠠ ᠳᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠰᠢᠨ᠎ᠠ ᠬᠠᠭᠤᠳᠠᠰᠦ ᠶᠢ ᠪᠢᠴᠢᠭᠯᠡᠭᠦ ᠬᠡᠷᠡᠭᠳᠡᠢ ᠬᠡᠵᠤ ᠴᠢᠬᠤᠯᠠᠴᠢᠯᠠᠪᠠ᠃

    ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠤᠳᠤᠷᠢᠳᠬᠤ ᠲᠤᠭᠤᠢᠢᠯᠠᠩ ᠤᠨ ᠲᠡᠳ᠋ ᠲᠠᠷᠤᠭ᠎ᠠ ᠪᠦ᠋ ᠰᠢᠶᠤᠤ ᠯᠢᠨ᠂ ᠯᠢ ᠵᠢᠶᠠ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠷᠸᠠ ᠶᠠ ᠫᠢᠩ ᠬᠤᠷᠠᠯ ᠳᠤ ᠤᠷᠤᠯᠴᠠᠵᠠᠢ᠃

    ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠤᠳᠤᠷᠢᠳᠬᠤ ᠲᠤᠭᠤᠢᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠴᠢᠬᠤᠯᠡ ᠶᠡᠭᠡ ᠦᠭᠡᠷᠡᠴᠢᠯᠡᠯᠳᠡ ᠶᠢᠨ ᠪᠠᠶᠢᠷᠢᠯᠠᠭᠤᠯᠤᠯᠳᠠ ᠶᠢ ᠲᠤᠤᠱᠯᠠᠭᠤᠯᠤᠨ ᠨᠡᠶᠢᠳᠡᠪᠦᠷᠢᠵᠢᠭᠤᠯᠬᠤ ᠲᠤᠬᠠᠢ ᠬᠡᠷᠡᠭᠵᠢᠭᠦᠯᠭᠦ ᠰᠠᠨᠠᠯᠢ᠋ ᠰᠤᠳᠤᠯᠵᠤ᠂ ᠨᠠᠮ ᠤᠨ ᠠᠷᠪᠠᠨ ᠨᠠᠶ᠋ᠮᠠᠲᠤᠭᠠᠷ ᠶᠡᠭᠡ ᠬᠤᠷᠠᠯ ᠠᠴᠠ ᠨᠠᠰᠢᠬᠢ ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠤᠳᠤᠷᠢᠳᠬᠤ ᠲᠤᠭᠤᠢᠢᠯᠠᠩ ᠤᠨ ᠠᠵᠢᠯ ᠢ ᠳ᠋ᠦᠩᠨᠡᠵᠤ᠂ᠰᠤᠮᠤ ᠰᠢᠶᠠᠩ ᠪᠠᠯᠭᠠᠰᠦ ᠶᠢᠨ ᠵᠠᠰᠠᠭ ᠤᠨ ᠤᠷᠳᠤᠨ ᠤ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠳᠠ ᠶᠢ ᠴᠢᠩ᠋ᠭᠠᠳᠬᠠᠬᠤ ᠲᠤᠬᠠᠢ ᠰᠠᠨᠠᠯ》᠂ᠲᠠᠷᠢᠶᠠᠨ ᠭᠠᠵᠠᠷ ᠤᠨ ᠬᠠᠮᠠᠭᠠᠯᠠᠯᠳᠠ ᠶᠢ ᠴᠢᠩᠭ᠋ᠠᠳᠬᠠᠬᠤ ᠪᠠ ᠡᠵᠡᠯᠡᠭᠦ ᠨᠦᠬᠦᠪᠦᠷᠢᠯᠡᠭᠦ ᠶᠢᠨ ᠲᠡᠩᠴᠡᠭᠦᠷᠢᠰᠢᠯ ᠢ ᠰᠠᠶᠢᠵᠢᠷᠠᠭᠤᠯᠬᠤ ᠲᠤᠬᠠᠢ ᠬᠡᠷᠡᠭᠵᠢᠭᠦᠯᠭᠦ ᠰᠠᠨᠠᠯ》᠂ᠮᠡᠳᠡᠯᠭᠡ ᠶᠢᠨ ᠦᠷᠳᠡᠭ ᠢᠶᠠᠷ ᠤᠳᠤᠷᠢᠳᠤᠮᠵᠢ ᠪᠤᠯᠭᠠᠬᠰᠠᠨ ᠬᠤᠪᠢᠶᠠᠷᠢᠯᠠᠯᠳᠠ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠭᠦ ᠲᠤᠬᠠᠢ ᠠᠷᠭ᠎ᠠ ᠬᠡᠮᠵᠢᠶ᠎ᠡ ᠨᠦᠭᠦᠳᠢ᠋ ᠬᠢᠨᠠᠨ ᠵᠦᠪᠯᠡᠵᠤ ᠪᠠᠳᠤᠯᠠᠨ᠂ ᠡᠯ᠎ᠠ ᠲᠤᠰᠬᠠᠢ ᠲᠤᠭᠤᠢᠢᠯᠠᠩ ᠤᠨ ᠠᠵᠢᠯ ᠤᠨ ᠬᠠᠷᠢᠭᠤ ᠮᠡᠳᠡᠭᠦᠯᠦᠯᠳᠡ ᠪᠠ ᠦᠭᠡᠷᠡᠴᠢᠯᠡᠯᠳᠡ ᠶᠢᠨ ᠠᠯᠪᠠᠨ ᠬᠡᠷ ᠤᠨ 2017 ᠤᠨ ᠤ ᠭᠤᠷᠪᠠᠳᠤᠭᠠᠷ ᠤᠯᠠᠷᠢᠯ ᠤᠨ ᠲᠤᠰᠬᠠᠢ ᠲᠦᠷᠦᠯ ᠤᠨ ᠱᠠᠯᠠᠪᠳᠠᠭᠤᠯᠤᠨ ᠪᠠᠶᠢᠴᠠᠭᠠᠬᠰᠠᠨ ᠮᠡᠳᠡᠭᠦᠯᠦᠯᠳᠡ ᠶᠢ ᠰᠤᠨᠤᠰᠪᠠ᠃

    ᠬᠤᠷᠠᠯ ᠠᠴᠠ᠂ ᠨᠠᠮ ᠤᠨ ᠠᠷᠪᠠᠨ ᠨᠠᠶ᠋ᠮᠠᠲᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠪᠠᠳᠤ ᠴᠢᠩᠭ᠋᠎ᠠ ᠤᠳᠤᠷᠢᠳᠤᠯᠭ᠎ᠠ ᠲᠤᠤᠷ᠎ᠠ᠂ ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠭᠦᠯᠭᠦ ᠠᠵᠢᠯ ᠴᠢᠬᠤᠯᠠ ᠶᠡᠭᠡ ᠠᠬᠢᠴᠠ ᠲᠠᠢ ᠪᠤᠯᠤᠬᠰᠠᠨ ᠪᠠ ᠬᠤᠪᠤᠷ ᠨᠠᠨᠳᠢᠨ ᠲᠤᠷᠰᠢᠯᠭ᠎ᠠ ᠬᠤᠷᠠᠮᠳᠤᠭᠤᠯᠵᠤ᠂ ᠦᠭᠡᠷᠡᠴᠢᠯᠡᠯᠳᠡ ᠶᠢ ᠦᠷᠭᠦᠯᠵᠢᠯᠡᠨ ᠬᠦᠨᠵᠡᠭᠡᠶᠢᠷᠡᠭᠦᠯᠭᠦ ᠳᠤ ᠪᠡᠳᠤ ᠰᠠᠭᠤᠷᠢ ᠶᠢ ᠲᠠᠯᠪᠢᠨ ᠠᠰᠢᠬᠳᠠᠢ ᠨᠦᠬᠦᠴᠡᠯ ᠪᠦᠷᠢᠯᠳᠦᠭᠦᠯᠵᠤ ᠦᠭᠴᠠᠢ᠃ ᠨᠡᠩ ᠦᠨᠳᠦᠷ ᠭᠠᠷᠤᠭ᠎ᠠ ᠠᠴᠠ ᠦᠭᠡᠷᠡᠴᠢᠯᠡᠯᠳᠡ ᠶᠢ ᠲᠦᠯᠦᠪᠵᠢᠭᠦᠯᠦᠨ ᠠᠬᠢᠭᠤᠯᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠤᠳᠤᠷᠢᠳᠬᠤ ᠲᠤᠭᠤᠢᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠤᠬᠳᠠᠭᠠᠬᠰᠠᠨ ᠬᠠᠷᠠᠯᠳᠠ ᠱᠠᠭᠠᠷᠳᠠᠯᠭ᠎ᠠ ᠪᠠ ᠦᠭᠡᠷᠡᠴᠢᠯᠡᠯᠳᠡ ᠶᠢᠨ ᠠᠷᠭ᠎ᠠ ᠬᠡᠮᠵᠢᠶ᠎ᠡ ᠲᠠᠢ ᠬᠠᠷᠭᠤᠭᠤᠯᠵᠤ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠡᠯ᠎ᠠ ᠵᠦᠢᠯ ᠤᠨ ᠦᠭᠡᠷᠡᠴᠢᠯᠡᠯᠳᠡ ᠶᠢᠨ ᠡᠭᠦᠷᠭᠡ ᠪᠠᠨ ᠰᠠᠶᠢᠳᠤᠷ ᠲᠦᠯᠦᠪᠵᠢᠭᠦᠯᠵᠤ᠂ ᠦᠭᠡᠷᠡᠴᠢᠯᠡᠯᠳᠡ ᠶᠢ ᠡᠷᠡᠰ ᠭᠤᠶᠢᠪᠢᠰᠢ ᠦᠭᠡᠢ ᠬᠦᠨᠵᠡᠭᠡᠶᠢᠷᠡᠭᠦᠯᠦᠨ ᠠᠬᠢᠭᠤᠯᠬᠤ ᠬᠡᠷᠡᠭᠳᠡᠢ᠃ ᠶᠡᠷᠦᠩᠬᠡᠢ ᠱᠦᠵᠢ ᠰᠢ ᠶᠢᠨ ᠫᠢᠩ ᠤᠨ ᠲᠤᠬᠳᠠᠭᠠᠬᠰᠠᠨ ᠦᠭᠡᠷᠡᠴᠢᠯᠡᠯᠳᠡ ᠶᠢᠨ ᠭᠤᠷᠪᠠᠨᠬᠤᠪᠢᠷᠠᠭᠤᠯᠵᠤ ᠪᠤᠯᠬᠤ ᠦᠭᠡᠢᠵᠠᠷᠴᠢᠮ ᠢ ᠦᠭᠡᠷᠡᠴᠢᠯᠡᠯᠳᠡ ᠶᠢ ᠲᠦᠯᠦᠪᠵᠢᠭᠦᠯᠦᠨ ᠠᠬᠢᠭᠤᠯᠬᠤ ᠡᠯ᠎ᠠ ᠭᠤᠬᠴᠤᠭ᠎ᠠ ᠪᠠ ᠡᠯ᠎ᠠ ᠲᠠᠯ᠎ᠠ ᠳᠤ ᠨᠡᠶᠢᠳᠡᠪᠦᠷᠢᠵᠢᠭᠤᠯᠵᠦ᠂ ᠦᠭᠡᠷᠡᠴᠢᠯᠡᠯᠳᠡ ᠶᠢᠨ ᠵᠦᠪ ᠴᠢᠭᠯᠡᠯ ᠢ ᠪᠠᠳᠤ ᠡᠵᠡᠮᠳᠡᠭᠦ ᠬᠡᠷᠡᠭᠳᠡᠢ᠃ ᠨᠢᠭᠡᠳᠦᠭᠡᠷ ᠬᠠᠷᠢᠭᠤᠴᠠᠯᠭᠠᠳᠠᠨ ᠦᠭᠡᠷᠡᠴᠢᠯᠡᠯᠳᠡ ᠶᠢ ᠠᠳᠬᠤᠬᠤ ᠶᠢ ᠪᠠᠷᠢᠮᠳᠠᠯᠠᠨ᠂ ᠨᠠᠮ ᠤᠨ ᠠᠷᠪᠠᠨ ᠨᠠᠶ᠋ᠮᠠᠲᠤᠭᠠᠷ ᠶᠡᠭᠡ ᠬᠤᠷᠠᠯ ᠠᠴᠠ ᠨᠠᠰᠢ ᠪᠠᠶᠢᠷᠢᠯᠠᠭᠤᠯᠤᠬᠰᠠᠨ ᠦᠭᠡᠷᠡᠴᠢᠯᠡᠯᠳᠡ ᠶᠢᠨ ᠡᠭᠦᠷᠭᠡ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠰᠢᠨ᠎ᠠ ᠲᠤᠷᠠᠳᠤᠬᠰᠠᠨ ᠦᠭᠡᠷᠡᠴᠢᠯᠡᠯᠳᠡ ᠶᠢᠨ ᠡᠭᠦᠷᠭᠡ ᠶᠢ ᠨᠢᠭᠡᠳᠦᠯᠳᠡᠢ ᠲᠦᠯᠦᠪᠵᠢᠭᠦᠯᠵᠤ᠂ ᠱᠠᠯᠠᠪᠳᠠᠭᠤᠯᠤᠨ ᠪᠠᠶᠢᠴᠠᠭᠠᠵᠤ ᠦᠷ᠎ᠠ ᠪᠦᠳᠦᠮᠵᠢ ᠶᠢ ᠲᠤᠯᠭᠠᠨ ᠠᠰᠠᠭᠤᠬᠤ ᠪᠠᠨ ᠴᠢᠩᠭ᠋ᠠᠷᠠᠭᠤᠯᠵᠤ᠂ ᠨᠡᠶᠢᠳᠡᠪᠦᠷᠢᠵᠢᠭᠤᠯᠤᠯᠳᠠ ᠶᠢ ᠲᠦᠯᠦᠪᠯᠡᠭᠡ ᠲᠠᠢ ᠡᠮᠬᠢ ᠵᠢᠷᠤᠮ ᠲᠠᠢ ᠰᠠᠶᠢᠳᠤᠷ ᠠᠳᠬᠤᠬᠤ ᠬᠡᠷᠡᠭᠳᠡᠢ᠃ ᠲᠠᠷᠠᠭ᠎ᠠ ᠵᠢᠯ ᠤᠨ ᠦᠭᠡᠷᠡᠴᠢᠯᠡᠯᠳᠡ ᠶᠢᠨ ᠠᠵᠢᠯ ᠢ ᠨᠠᠷᠢᠨ ᠬᠢᠨᠠᠮᠠᠭᠠᠢ ᠲᠦᠯᠦᠪᠵᠢᠭᠦᠯᠦᠨ ᠠᠬᠢᠭᠤᠯᠵᠤ᠂ ᠬᠠᠷᠠᠯᠳᠠ ᠲᠤᠬᠳᠠᠭᠠᠨ᠂ ᠪᠤᠳᠠᠳᠠᠢ ᠠᠷᠭ᠎ᠠ ᠬᠡᠮᠵᠢᠶ᠎ᠡ ᠶᠢ ᠲᠤᠷᠠᠳᠤᠨ᠂ ᠦᠷ᠎ᠠ ᠪᠦᠳᠦᠮᠵᠢ ᠶᠢ ᠪᠤᠳᠠᠳᠠᠢ ᠠᠳᠬᠤᠵᠤ᠂ ᠰᠢᠯᠢᠳᠡᠭ ᠠᠮᠵᠢᠯᠳᠡ ᠪᠠᠷ ᠢᠶᠠᠨ ᠦᠭᠡᠷᠡᠴᠢᠯᠡᠯᠳᠡ ᠨᠡᠭᠡᠭᠡᠯᠳᠡ ᠶᠢᠨ 40 ᠵᠢᠯ ᠤᠨ ᠤᠢ ᠶᠢ ᠤᠬᠳᠤᠬᠤ ᠬᠡᠷᠡᠭᠳᠡᠢ ᠬᠡᠵᠤ ᠵᠢᠭᠠᠵᠤ ᠭᠠᠷᠭᠠᠪᠠ᠃

    ᠬᠤᠷᠠᠯ ᠠᠴᠠ᠂ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡᠨ ᠤ ᠲᠡᠩᠴᠡᠭᠦᠷᠢᠰᠢᠯ ᠢ ᠪᠡᠶᠡᠯᠡᠭᠦᠯᠭᠦ ᠬᠦᠭ᠍ᠵᠢᠯᠳᠡ ᠶᠢᠨ ᠴᠢᠭᠯᠡᠯ ᠢ ᠪᠠᠷᠢᠮᠳᠠᠯᠠᠨ᠂ ᠰᠤᠮᠤ ᠰᠢᠶᠠᠩ ᠪᠠᠯᠭᠠᠰᠦ ᠶᠢᠨ ᠵᠠᠰᠠᠭ ᠤᠨ ᠤᠷᠳᠤᠨ ᠤ ᠡᠭᠦᠷᠭᠡ ᠴᠢᠳᠠᠪᠬᠢ ᠶᠢᠨ ᠬᠤᠪᠢᠷᠠᠭᠤᠯᠤᠯᠳᠠ ᠶᠢ ᠲᠦᠷᠭᠡᠳᠭᠡᠨ ᠠᠬᠢᠭᠤᠯᠵᠤ᠂ ᠦᠢᠯᠡᠴᠢᠯᠡᠭᠡᠨ ᠤ ᠴᠢᠳᠠᠪᠤᠷᠢ ᠶᠢ ᠨᠢ ᠲᠡᠭᠡᠭ᠍ᠰᠢᠯᠡᠭᠦᠯᠭᠦ ᠬᠡᠷᠡᠭᠳᠡᠢ᠃ ᠲᠠᠷᠢᠶᠠᠨ ᠭᠠᠵᠠᠷ ᠤᠨ ᠲᠤᠭ᠎ᠠ ᠬᠡᠮᠵᠢᠶ᠎ᠠ᠂ ᠶᠠᠰᠦ ᠴᠢᠨᠠᠷ᠂ ᠠᠮᠢ ᠠᠬᠤᠢᠭᠤᠷᠪᠠ ᠶᠢ ᠨᠢᠭᠡ ᠴᠤᠬᠴᠠᠵᠢᠭᠤᠯᠬᠤᠬᠠᠮᠠᠭᠠᠯᠠᠯᠳᠠ ᠶᠢ ᠪᠠᠷᠢᠮᠳᠠᠯᠠᠨ᠂ ᠲᠠᠷᠢᠶᠠᠨ ᠭᠠᠵᠠᠷ ᠤᠨ ᠬᠠᠮᠢᠶᠠᠷᠤᠨ ᠡᠵᠡᠮᠳᠡᠭᠦ᠂ ᠪᠦᠳᠦᠭᠡᠨ ᠪᠠᠶᠢᠭᠤᠯᠬᠤ᠂ ᠬᠦᠬᠢᠭᠦᠯᠦᠨ ᠵᠤᠷᠢᠬᠵᠢᠭᠤᠯᠬᠤ ᠤᠯᠠᠠ ᠠᠷᠭ᠎ᠠ ᠶᠢ ᠵᠡᠷᠬᠡᠪᠡᠷ ᠬᠡᠷᠡᠭᠵᠢᠭᠦᠯᠭᠦ ᠬᠠᠮᠠᠭᠠᠯᠠᠯᠳᠠ ᠶᠢ ᠪᠠᠷᠢᠮᠳᠠᠯᠠᠵᠤ᠂ ᠲᠠᠷᠢᠶᠠᠨ ᠭᠠᠵᠠᠷ ᠤᠨ ᠡᠵᠡᠯᠡᠭᠦ ᠨᠦᠬᠦᠪᠦᠷᠢᠯᠡᠭᠦ ᠶᠢᠨ ᠲᠡᠩᠴᠡᠭᠦᠷᠢᠰᠢᠯ ᠢ ᠵᠢᠷᠤᠮᠵᠢᠭᠤᠯᠤᠨ ᠬᠠᠮᠢᠶᠠᠷᠬᠤ ᠠᠵᠢᠯ ᠢᠶᠠᠨ ᠴᠢᠩᠭ᠋ᠠᠳᠬᠠᠵᠤ᠂ ᠲᠠᠷᠢᠶᠠᠨ ᠭᠠᠵᠠᠷ ᠢ ᠬᠠᠮᠠᠭᠠᠯᠠᠬᠤ ᠬᠢᠭᠡᠳ ᠬᠦᠭ᠍ᠵᠢᠯᠳᠡ ᠶᠢ ᠪᠠᠳᠤᠯᠠᠬᠤ ᠶᠢ ᠵᠤᠬᠢᠴᠠᠭᠤᠯᠤᠨ ᠨᠢᠭᠡᠳᠭᠡᠭᠦ ᠶᠢ ᠠᠬᠢᠭᠤᠯᠬᠤ ᠬᠡᠷᠡᠭᠳᠡᠢ᠃ ᠤᠶᠤᠨ ᠤ ᠬᠦᠳᠡᠯᠮᠤᠷᠢ ᠶᠢᠨ ᠦᠷᠳᠡᠭ ᠢ ᠢᠯᠡᠷᠡᠭᠦᠯᠭᠦ ᠴᠠᠯᠢᠩ ᠬᠦᠯᠦᠰᠦ ᠶᠢᠨ ᠰᠢᠰᠲ᠋ᠧᠮ ᠪᠠ ᠤᠷᠤᠯᠭ᠎ᠠ ᠨᠡᠮᠡᠭᠳᠡᠯ ᠤᠨ ᠲᠤᠬᠳᠠᠴᠠ ᠶᠢ ᠬᠦᠴᠦᠯᠡᠨ ᠪᠠᠶᠢᠭᠤᠯᠵᠤ᠂ ᠰᠢᠨᠵᠢᠯᠡᠭᠦ ᠤᠬᠠᠭᠠᠨ ᠤ ᠰᠤᠳᠤᠯᠭᠠᠨ ᠤ ᠠᠵᠢᠯᠳᠡᠳ ᠤᠨ ᠢᠳᠡᠪᠬᠢᠵᠢᠯ᠂ ᠰᠠᠨᠠᠭᠠᠴᠢᠯᠠᠭᠠᠳᠦ ᠴᠢᠨᠠᠷ ᠪᠤᠯᠤᠨ ᠪᠦᠳᠦᠭᠡᠯᠴᠢ ᠴᠢᠨᠠᠷ ᠢ ᠬᠦᠭ᠍ᠵᠢᠭᠡᠭᠦ ᠬᠡᠷᠡᠭᠳᠡᠢ ᠬᠡᠵᠤ ᠴᠢᠬᠤᠯᠠᠴᠢᠯᠠᠵᠠᠢ᠃

    ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠤᠳᠤᠷᠢᠳᠬᠤ ᠲᠤᠭᠤᠢᠢᠯᠠᠩ ᠤᠨ ᠪᠦᠷᠢᠯᠳᠦᠭᠦᠨ ᠨᠠᠷ ᠬᠤᠷᠠᠯ ᠳᠤ ᠤᠷᠤᠯᠴᠠᠵᠤ᠂ ᠬᠠᠮᠢᠶ᠎ᠠ ᠪᠦᠬᠦ ᠲᠠᠯ᠎ᠠ ᠶᠢᠨ ᠬᠠᠷᠢᠭᠤᠴᠠᠯᠭᠠᠳᠠᠨ ᠨᠦᠬᠦᠳ ᠬᠤᠷᠠᠯ ᠳᠤ ᠰᠤᠯᠠ ᠤᠷᠤᠯᠴᠠᠪᠠ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122037682