蒙古文网站Logo
ᠰᠢᠨᠬᠤᠸᠠ ᠮᠤᠩᠭ᠋ᠤᠯ ᠨᠧᠲ

ᠪᠦ᠋ ᠰᠢᠶᠤᠤ ᠯᠢᠨ᠄ 《ᠲᠦᠷᠦ ᠶᠢᠨ ᠶᠠᠪᠤᠳᠠᠯ ᠤᠨ ᠬᠤᠷᠢᠶ᠎ᠠ ᠶᠢᠨ <ᠠᠷᠪᠠᠨ ᠭᠤᠷᠪᠠᠳᠤᠭᠠᠷ ᠲᠠᠪᠤᠨ ᠵᠢᠯ> ᠤᠨ ᠠᠵᠢᠯ ᠤᠯᠭᠤᠯᠳᠠ ᠶᠢ ᠠᠬᠢᠭᠤᠯᠬᠤ ᠲᠦᠯᠦᠪᠵᠢᠭᠦᠯᠭᠡ》 ᠶᠢ ᠲᠤᠤᠱᠯᠠᠭᠤᠯᠤᠨ ᠨᠡᠶᠢᠳᠡᠪᠦᠷᠢᠵᠢᠭᠤᠯᠬᠤ ᠲᠤᠬᠠᠢ ᠬᠡᠷᠡᠭᠵᠢᠭᠦᠯᠭᠦ ᠰᠠᠨᠠᠯ ᠵᠡᠷᠭᠡ ᠵᠦᠢᠯᠡᠰ ᠢ ᠰᠤᠳᠤᠯᠪᠠ

2017-11-30 16:51

    11 ᠰᠠᠷ᠎ᠠ ᠶᠢᠨ 29 ᠤ ᠡᠳᠦᠷ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭ᠋ᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ᠲᠦᠷᠦ ᠶᠢᠨ ᠶᠠᠪᠤᠳᠠᠯ ᠤᠨ ᠬᠤᠷᠢᠶ᠎ᠠ ᠶᠢᠨ <ᠠᠷᠪᠠᠨ ᠭᠤᠷᠪᠠᠳᠤᠭᠠᠷ ᠲᠠᠪᠤᠨ ᠵᠢᠯ> ᠤ᠋᠋ᠨ ᠠᠵᠢᠯ ᠤᠯᠭᠤᠯᠳᠠ ᠶᠢ ᠠᠬᠢᠭᠤᠯᠬᠤ ᠲᠦᠯᠦᠪᠵᠢᠭᠦᠯᠭᠡᠶ᠋ᠢ ᠲᠤᠤᠱᠯᠠᠭᠤᠯᠤᠨ ᠨᠡᠶᠢᠳᠡᠪᠦᠷᠢᠵᠢᠭᠤᠯᠬᠤ ᠲᠤᠬᠠᠢ ᠬᠡᠷᠡᠭᠵᠢᠭᠦᠯᠭᠦ ᠰᠠᠨᠠᠯ᠂ ᠤᠳᠤᠬᠠᠨ ᠤ ᠪᠠ ᠬᠤᠶᠢᠰᠢᠳᠡ ᠶᠢᠨ ᠨᠢᠭᠡ ᠬᠤᠭᠤᠴᠠᠭᠠᠨ ᠤ ᠠᠵᠢᠯ ᠤᠯᠭᠤᠬᠤ ᠦᠢᠯᠡᠰ ᠪᠤᠰᠬᠠᠬᠤ ᠠᠵᠢᠯ ᠢ ᠰᠠᠶᠢᠳᠤᠷ ᠬᠢᠭᠦ ᠲᠤᠬᠠᠢ ᠬᠡᠷᠡᠭᠵᠢᠭᠦᠯᠭᠦ ᠰᠠᠨᠠᠯ᠂ ᠬᠤᠳᠠ ᠬᠦᠳᠡᠭᠡ ᠶᠢᠨ ᠨᠡᠶᠢᠭᠡᠮ ᠲᠤᠭᠤᠷᠢᠭ ᠤᠨ ᠵᠠᠰᠠᠯᠳᠠ ᠶᠢ ᠴᠢᠨᠠᠬᠰᠢᠳᠠ ᠴᠢᠩᠭ᠋ᠠᠳᠬᠠᠨ ᠲᠡᠭᠦᠯᠳᠡᠷᠵᠢᠭᠦᠯᠭᠦ ᠲᠤᠬᠠᠢ ᠬᠡᠷᠡᠭᠵᠢᠭᠦᠯᠭᠦ ᠰᠠᠨᠠᠯ ᠵᠡᠷᠭᠡ ᠵᠦᠢᠯᠡᠰ ᠢ ᠰᠤᠳᠤᠯᠪᠠ᠃

    ᠬᠤᠷᠠᠯ ᠠᠴᠠ᠂ ᠠᠵᠢᠯ ᠤᠯᠭᠤᠯᠳᠠ ᠪᠤᠯ ᠬᠠᠮᠤᠭ ᠤᠨ ᠶᠡᠭᠡ ᠠᠷᠠᠳ ᠤᠨ ᠠᠮᠢᠳᠤᠷᠠᠯ ᠪᠤᠯᠤᠨ᠎ᠠ᠂ ᠠᠵᠤ ᠠᠬᠤᠢ ᠶᠢᠨ ᠬᠦᠭ᠍ᠵᠢᠯᠳᠡ ᠨᠡᠶᠢᠭᠡᠮ ᠤᠨ ᠡᠶ᠎ᠡ ᠵᠤᠬᠢᠴᠠᠩᠭ᠋ᠤᠢ ᠲᠤᠬᠳᠠᠭᠤᠨ ᠪᠠᠶᠢᠳᠠᠯ ᠢ ᠠᠬᠢᠭᠤᠯᠬᠤ ᠦᠨᠳᠦᠰᠦᠨ ᠪᠠᠳᠤᠯᠠᠭ᠎ᠠ ᠪᠤᠯᠬᠤ ᠪᠦᠭᠡᠳ ᠡᠯ᠎ᠠ ᠱᠠᠳᠤᠨ ᠤ ᠵᠠᠰᠠᠭ ᠤᠨ ᠤᠷᠳᠤᠨ ᠤ ᠴᠢᠬᠤᠯᠠ ᠲᠤᠰᠢᠶᠠᠯ ᠬᠠᠷᠢᠭᠤᠴᠠᠯᠭ᠎ᠠ ᠪᠤᠯᠤᠨ᠎ᠠ᠃ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠤᠨ ᠬᠢᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠠᠵᠢᠯ ᠤᠯᠭᠤᠯᠳᠠ ᠶᠢ ᠲᠡᠷᠢᠭᠦᠨ ᠴᠢᠬᠤᠯᠠ ᠶᠠᠪᠤᠳᠠᠯ ᠪᠤᠯᠭᠠᠨ ᠠᠳᠬᠤᠵᠤ᠂ ᠤᠯᠠᠨ ᠠᠷᠭ᠎ᠠ ᠶᠢ ᠵᠡᠷᠬᠡᠪᠡᠷ ᠬᠡᠷᠡᠭᠯᠡᠨ ᠠᠵᠢᠯ ᠤᠯᠭᠤᠬᠤ ᠠᠵᠢᠯ ᠤᠨ ᠪᠠᠶᠢᠷᠢ ᠶᠢ ᠠᠭᠤᠳᠠᠯᠤᠨ᠂ ᠤᠯᠠᠨ ᠢᠶᠠᠷ ᠢᠶᠠᠨ ᠦᠢᠯᠡᠰ ᠪᠤᠰᠬᠠᠵᠤ ᠨᠡᠶᠢᠳᠡ ᠪᠠᠷ ᠢᠶᠠᠨ ᠰᠢᠨ᠎ᠠ ᠶᠢ ᠡᠭᠦᠳᠭᠦ ᠶᠢ ᠠᠬᠢᠭᠤᠯᠵᠤ᠂ ᠬᠦᠳᠡᠯᠮᠤᠷᠢ ᠬᠦᠴᠦ ᠪᠤᠯᠤᠨ ᠴᠢᠳᠠᠪᠤᠷᠢᠳᠠᠨ ᠤ ᠨᠡᠶᠢᠭᠡᠮᠴᠢ ᠴᠢᠨᠠᠷᠳᠠᠢ ᠰᠢᠯᠵᠢᠯᠳᠡ ᠶᠢ ᠬᠠᠷᠰᠢᠯᠠᠵᠤ ᠪᠦᠬᠦᠢ ᠲᠤᠬᠳᠠᠴᠠ ᠶᠢᠨ ᠭᠡᠮ ᠰᠤᠭᠤᠬ ᠢ ᠬᠦᠴᠦ ᠤᠷᠤᠭᠤᠯᠤᠨ ᠴᠡᠪᠡᠷᠯᠡᠵᠤ᠂ ᠨᠡᠩ ᠴᠢᠨᠠᠷᠯᠢᠭ ᠪᠦᠭᠡᠳ ᠬᠦᠢᠴᠡᠳ ᠠᠵᠢᠯ ᠤᠯᠭᠤᠯᠳᠠ ᠶᠢ ᠪᠡᠶᠡᠯᠡᠭᠦᠯᠦᠨ᠂ ᠬᠦᠮᠦᠨ ᠪᠤᠯᠭᠠᠨ ᠳᠤ ᠰᠢᠷᠭᠠᠭᠤ ᠬᠦᠳᠡᠯᠮᠤᠷᠢ ᠪᠠᠷ ᠢᠶᠠᠨ ᠲᠠᠮᠵᠢᠨ ᠲᠤᠰ ᠪᠡᠶ᠎ᠠ ᠶᠢᠨ ᠬᠦᠭ᠍ᠵᠢᠯᠳᠡ ᠪᠠᠨ ᠪᠡᠶᠡᠯᠡᠭᠦᠯᠭᠦ ᠠᠵᠠ ᠲᠤᠬᠢᠶᠠᠯ ᠤᠯᠭᠤᠬᠤ ᠬᠡᠷᠡᠭᠳᠡᠢ ᠬᠡᠵᠤ ᠵᠢᠭᠠᠵᠤ ᠭᠠᠷᠭᠠᠪᠠ᠃

    ᠬᠤᠷᠠᠯ ᠠᠴᠠ᠂ ᠬᠤᠳᠠ ᠬᠦᠳᠡᠭᠡ ᠶᠢᠨ ᠨᠡᠶᠢᠭᠡᠮ ᠲᠤᠭᠤᠷᠢᠭ ᠤᠨ ᠵᠠᠰᠠᠯᠳᠠ ᠨᠢ ᠨᠠᠮ ᠪᠤᠯᠤᠨ ᠤᠯᠤᠰ ᠤᠨ ᠶᠡᠭᠡ ᠪᠤᠳᠤᠯᠭ᠎ᠠ ᠴᠢᠭᠯᠡᠯᠳᠡ ᠶᠢ ᠲᠤᠤᠱᠯᠠᠭᠤᠯᠤᠨ ᠨᠡᠶᠢᠳᠡᠪᠦᠷᠢᠵᠢᠭᠤᠯᠬᠤ ᠲᠠᠢ ᠬᠤᠯᠪᠤᠬᠳᠠᠨ᠂ ᠰᠠᠭᠤᠭᠠᠯᠢ ᠠᠷᠠᠳ ᠤᠨ ᠦᠨᠳᠦᠰᠦᠨ ᠠᠰᠢᠭ ᠲᠤᠰᠠ ᠲᠠᠢ ᠬᠤᠯᠪᠤᠬᠳᠠᠵᠤ᠂ ᠬᠤᠳᠠ ᠬᠦᠳᠡᠭᠡ ᠶᠢᠨ ᠦᠨᠳᠦᠰᠤᠨ ᠱᠠᠳᠤᠨ ᠤ ᠡᠶ᠎ᠡ ᠵᠤᠬᠢᠴᠠᠩᠭ᠋ᠤᠢ ᠲᠤᠬᠳᠠᠭᠤᠨ ᠪᠠᠶᠢᠳᠠᠯ ᠲᠠᠢ ᠬᠤᠯᠪᠤᠬᠳᠠᠵᠤ ᠪᠠᠶᠢᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠤᠷᠠᠳᠤᠬᠰᠠᠨᠬᠠᠮᠳᠤᠪᠡᠷ ᠪᠠᠶᠢᠭᠤᠯᠬᠤ ᠬᠠᠮᠳᠤᠪᠡᠷ ᠵᠠᠰᠠᠬᠤ ᠬᠠᠮᠳᠤᠪᠡᠷ ᠡᠳ᠋ᠯᠡᠭᠦ ᠨᠡᠶᠢᠭᠡᠮ ᠤᠨ ᠵᠠᠰᠠᠯᠳᠠ ᠶᠢᠨ ᠪᠠᠶᠢᠷᠢᠰᠢᠯ ᠢ ᠴᠤᠬᠴᠠᠯᠠᠬᠤᠱᠠᠭᠠᠷᠳᠠᠯᠭ᠎ᠠ ᠶᠤᠰᠤᠭᠠᠷ᠂ ᠬᠤᠳᠠ ᠬᠦᠳᠡᠭᠡ ᠶᠢᠨ ᠨᠡᠶᠢᠭᠡᠮ ᠲᠤᠭᠤᠷᠢᠭ ᠤᠨ ᠵᠠᠰᠠᠯᠳᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠤ᠂ ᠬᠤᠳᠠ ᠬᠦᠳᠡᠭᠡ ᠶᠢᠨ ᠨᠡᠶᠢᠭᠡᠮ ᠲᠤᠭᠤᠷᠢᠭ ᠤᠨ ᠵᠠᠰᠠᠯᠳᠠ ᠶᠢᠨ ᠲᠦᠪᠰᠢᠨ ᠢ ᠲᠡᠭᠡᠭ᠍ᠰᠢᠯᠡᠭᠦᠯᠦᠨ᠂ ᠬᠤᠳᠠ ᠬᠦᠳᠡᠭᠡ ᠶᠢᠨ ᠨᠡᠶᠢᠭᠡᠮ ᠲᠤᠭᠤᠷᠢᠭ ᠤᠨ ᠵᠠᠰᠠᠯᠳᠠ ᠶᠢᠨ ᠲᠤᠳᠠᠭᠤᠳᠠᠯ ᠢ ᠨᠦᠬᠦᠪᠦᠷᠢᠯᠡᠵᠤ᠂ ᠨᠠᠮ ᠤᠨ ᠤᠳᠤᠷᠢᠳᠤᠯᠭ᠎ᠠ ᠲᠤᠤᠷᠠᠬᠢ ᠵᠠᠰᠠᠭ ᠤᠨ ᠤᠷᠳᠤᠨ ᠤ ᠵᠠᠰᠠᠯᠳᠠ ᠪᠠ ᠨᠡᠶᠢᠭᠡᠮ ᠤᠨ ᠲᠤᠬᠢᠷᠠᠭᠤᠯᠤᠯᠳᠠ᠂ ᠰᠠᠭᠤᠭᠠᠯᠢ ᠠᠷᠠᠳ ᠤᠨ ᠦᠪᠡᠷᠰᠡᠳ ᠢᠶᠠᠨ ᠵᠠᠰᠠᠬᠤ ᠰᠢᠯᠢᠳᠡᠭ ᠰᠠᠶᠢᠨ ᠬᠤᠷᠰᠢᠯᠴᠠᠯ ᠤᠨ ᠪᠠᠶᠢᠷᠢᠰᠢᠯ ᠪᠦᠷᠢᠯᠳᠦᠭᠦ ᠶᠢ ᠠᠬᠢᠭᠤᠯᠵᠤ᠂ ᠬᠤᠳᠠ ᠬᠦᠳᠡᠭᠡ ᠶᠢᠨ ᠨᠡᠶᠢᠭᠡᠮ ᠲᠤᠭᠤᠷᠢᠭ ᠤᠨ ᠵᠠᠰᠠᠯᠳᠠ ᠶᠢᠨ ᠬᠠᠤᠯᠢᠵᠢᠯᠳᠠ᠂ ᠰᠢᠨᠵᠢᠯᠡᠭᠦ ᠤᠬᠠᠭᠠᠨᠴᠢᠯᠠᠯᠳᠠ᠂ ᠨᠠᠷᠢᠯᠢᠬᠵᠢᠯᠳᠠ ᠶᠢᠨ ᠲᠦᠪᠰᠢᠨ ᠢ ᠪᠦᠬᠦ ᠲᠠᠯ᠎ᠠ ᠪᠠᠷ ᠲᠡᠭᠡᠭ᠍ᠰᠢᠯᠡᠭᠦᠯᠭᠦ ᠬᠡᠷᠡᠭᠳᠡᠢ ᠬᠡᠵᠤ ᠴᠢᠬᠤᠯᠠᠴᠢᠯᠠᠵᠠᠢ᠃

    ᠬᠤᠷᠠᠯ ᠠᠴᠠᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠴᠢᠯᠠᠭᠤᠨ ᠲᠤᠰᠤ ᠪᠠ ᠬᠢᠮᠢ ᠶᠢᠨ ᠠᠵᠤ ᠦᠢᠯᠡᠳᠪᠦᠷᠢ ᠶᠢᠨ ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠦ ᠴᠢᠨᠠᠷ ᠲᠤ ᠬᠢᠨᠠᠯᠳᠠ ᠲᠠᠯᠪᠢᠬᠤ ᠬᠠᠮᠢᠶᠠᠷᠤᠯᠳᠠ ᠶᠢᠨ ᠠᠷᠭ᠎ᠠ (ᠲᠦᠰᠦᠯ)ᠪᠠᠵᠠᠰᠠᠭ ᠤᠨ ᠤᠷᠳᠤᠨ ᠤ ᠬᠡᠰᠡᠭ ᠲᠦᠷᠢᠮ ᠲᠤᠬᠳᠠᠭᠠᠯ ᠳᠤ ᠵᠠᠰᠠᠪᠤᠷᠢ ᠤᠷᠤᠭᠤᠯᠬᠤ ᠪᠠ ᠬᠦᠴᠦᠨ ᠦᠭᠡᠢ ᠪᠤᠯᠭᠠᠬᠤ ᠲᠤᠬᠠᠢ ᠲᠤᠬᠳᠠᠭᠠᠯ (ᠲᠦᠰᠦᠯ)ᠢ᠋ ᠬᠢᠨᠠᠨ ᠵᠦᠪᠯᠡᠵᠤ ᠪᠠᠳᠤᠯᠠᠪᠠ᠃

    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122037701