蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠦ ᠠᠬᠤᠢ ᠶᠢᠨ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ

2017-12-01 16:35

    11 ᠰᠠᠷ᠎ᠠ ᠶᠢᠨ 29 ᠤ ᠡᠳᠦᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠦ ᠠᠬᠤᠢ ᠶᠢᠨ ᠠᠵᠢᠯ ᠤᠨ ᠶᠠᠷᠢᠯᠴᠠᠬᠤ ᠬᠤᠷᠠᠯ ᠬᠦᠬᠡᠬᠤᠳᠠ ᠳᠤ ᠬᠤᠷᠠᠯᠳᠤᠵᠦ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠪᠠ ᠬᠡᠰᠡᠭ ᠠᠶᠢᠮᠠᠬ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠰ ᠬᠤᠭᠤᠴᠠᠭ᠎ᠠ ᠠᠴᠠ ᠨᠠᠰᠢᠭᠢ ᠡᠳ᠋ ᠤᠨ ᠵᠠᠰᠠᠭ ᠠᠵᠦ ᠠᠬᠤᠢ ᠶᠢᠨ ᠠᠵᠢᠯ ᠤᠨ ᠲᠤᠷᠰᠢᠯᠭ᠎ᠠ ᠶᠢ ᠳ᠋ᠦᠡᠭᠨᠡᠨ ᠰᠤᠯᠢᠯᠴᠠᠵᠦ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠬ ᠠᠵᠦ ᠠᠬᠤᠢ ᠶᠢᠨ ᠴᠠᠬ ᠦᠶ᠎ᠠ ᠶᠢ ᠲᠠᠭᠠᠨ ᠪᠦᠬᠦ ᠲᠠᠯ᠎ᠠ ᠪᠠᠷ ᠤᠷᠤᠬᠰᠢᠯᠠᠵᠦ᠂ ᠲᠡᠭᠦᠯᠳᠡᠷᠵᠢᠨ ᠬᠦᠭ᠍ᠵᠢᠭᠦ ᠶᠢ ᠠᠬᠢᠭᠤᠯᠪᠠ᠃

    ᠶᠠᠷᠢᠯᠴᠠᠬᠤ ᠬᠤᠷᠠᠯ ᠲᠡᠭᠡᠷ᠎ᠠ᠂ ᠦᠪᠦᠷ ᠮᠣᠩᠭᠣᠯ ᠤᠨ ᠦᠪᠠᠷᠳᠡᠭᠡᠨ ᠵᠠᠰᠬᠠᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠦ ᠠᠬᠤᠢ ᠶᠢᠨ ᠠᠵᠢᠯ ᠤᠨ ᠵᠦᠪᠯᠡᠯ᠂ ᠬᠦᠬᠡᠬᠤᠳᠠ᠂ ᠪᠤᠭᠤᠳᠤ ᠬᠤᠳᠠ᠂ ᠬᠦᠯᠦᠨ ᠪᠤᠶᠢᠷ ᠬᠤᠳᠠ᠂ ᠤᠯᠠᠭᠠᠨᠬᠠᠳᠠ ᠬᠤᠳᠠ᠂ ᠰᠢᠯᠢ ᠶᠢᠨ ᠭᠤᠤᠯ ᠠᠶᠢᠮᠠᠬ᠂ ᠦᠬᠠᠢ ᠬᠤᠳᠠ ᠵᠡᠷᠭᠡ 7 ᠬᠠᠮᠢᠶ᠎ᠠ ᠪᠦᠭᠦᠢ ᠨᠢᠭᠡᠴᠡ ᠶᠢᠨ ᠬᠢᠨ ᠤᠷᠢᠳ ᠬᠤᠵᠢᠳ ᠦᠭᠡ ᠭᠡᠯᠡᠪᠡ᠃

    ᠬᠤᠷᠠᠯ ᠠᠴᠠ᠂ ᠦᠩᠭᠡᠷᠡᠭᠰᠡᠨ 5 ᠵᠢᠯ ᠳᠤ᠂ ᠤᠷᠤᠨ ᠳᠠᠶᠠᠭᠠᠷ ᠤᠨ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠬ ᠠᠵᠦ ᠠᠬᠤᠢ ᠶᠢᠨ ᠵᠦᠪᠯᠡᠯ ᠪᠠ ᠡᠳ᠋ ᠤᠨ ᠵᠠᠰᠠᠭ ᠠᠵᠦ ᠠᠬᠤᠢ ᠶᠢᠨ ᠠᠵᠢᠯ ᠤᠨ ᠬᠤᠷᠢᠶ᠎ᠠ ᠶᠢᠨ ᠬᠢᠨ ᠨᠠᠮ ᠤᠨ ᠬᠤᠷᠢᠶ᠎ᠠ ᠶᠢᠨ ᠭᠤᠤᠯ ᠠᠵᠢᠯ ᠤᠨ ᠲᠤᠭᠤᠷᠢᠨ ᠳᠤ᠂ ᠠᠵᠦ ᠠᠬᠤᠢ ᠶᠢᠨ ᠲᠠᠯ᠎ᠠ ᠪᠠᠷ ᠬᠢ ᠬᠢᠨᠠᠯᠳᠠ ᠲᠠᠯᠪᠢᠭᠰᠠᠨ ᠭᠤᠤᠯᠳᠠᠯᠭ᠎ᠠ ᠲᠤᠪᠤᠶᠢᠮ᠎ᠠ᠂ ᠠᠷᠭ᠎ᠠ ᠬᠡᠯᠪᠡᠷᠢ ᠨᠢ ᠤᠯᠠᠠ; ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠦ ᠶᠢ ᠪᠠᠷᠢᠮᠳᠠᠯᠠᠵᠦ᠂ ᠲᠦᠰᠦᠪ ᠤᠨ ᠪᠤᠳᠤᠯᠳᠠ ᠶᠢ ᠬᠢᠨᠠᠨ ᠪᠠᠶᠢᠴᠠᠭᠠᠵᠤ ᠬᠢᠨᠠᠯᠳᠠ ᠲᠠᠯᠪᠢᠬᠤ ᠶᠢ ᠨᠡᠩ ᠲᠦᠷᠢᠮᠵᠢᠭᠦᠯᠵᠦ᠂ ᠮᠠᠰᠢ ᠶᠡᠭᠡ ᠦᠷ᠎ᠠ ᠪᠦᠳᠤᠮᠵᠢ ᠤᠯᠪᠠ; ᠤᠷᠤᠨ ᠨᠤᠳᠤᠭ ᠤᠨ ᠪᠤᠳᠠᠳᠠᠢ ᠠᠴᠠ ᠪᠠᠨ ᠡᠭᠦᠰᠭᠦ ᠶᠢ ᠪᠠᠷᠢᠮᠳᠠᠯᠠᠵᠦ᠂ ᠲᠤᠰᠬᠠᠢ ᠲᠦᠷᠦᠯ ᠢᠶᠠᠷ ᠬᠢᠨᠠᠯᠳᠠ ᠲᠠᠯᠪᠢᠵᠦ ᠢᠳᠡᠪᠭᠢᠳᠠᠢ ᠬᠢᠳᠠᠯ ᠭᠠᠷᠭᠠᠵᠦ᠂ ᠦᠪᠡᠷ ᠦᠪᠡᠷ ᠤᠨ ᠢᠶᠠᠨ ᠤᠨᠴᠠᠯᠢᠭ ᠲᠠᠢ ᠪᠤᠯᠪᠠ ᠭᠡᠵᠦ ᠵᠢᠭᠠᠵᠦ ᠭᠠᠷᠭᠠᠪᠠ᠃

    ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠬ ᠠᠵᠦ ᠠᠬᠤᠢ ᠶᠢᠨ ᠠᠵᠢᠯ ᠳᠤ ᠴᠢᠭᠯᠡᠯ ᠵᠢᠭᠠᠨ ᠦᠭᠴᠤ᠂ ᠨᠡᠩ ᠦᠨᠳᠤᠷ ᠱᠠᠭᠠᠷᠳᠠᠯᠭ᠎ᠠ ᠲᠤᠷᠠᠳᠪᠠ᠃ ᠰᠢᠨ᠎ᠠ ᠴᠠᠬ ᠦᠶ᠎ᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠬ ᠠᠵᠦ ᠠᠬᠤᠢ ᠶᠢᠨ ᠠᠵᠢᠯ ᠢ ᠰᠠᠶᠢᠳᠤᠷ ᠬᠢᠵᠦ᠂ ᠨᠠᠮ ᠤᠨ ᠤᠳᠤᠷᠢᠳᠤᠯᠭ᠎ᠠ ᠶᠢ ᠴᠢᠨᠠᠬᠰᠢᠳᠠ ᠪᠠᠷᠢᠮᠳᠠᠯᠠᠵᠦ᠂ ᠡᠳ᠋ ᠤᠨ ᠵᠠᠰᠠᠭ ᠠᠵᠦ ᠠᠬᠤᠢ ᠶᠢᠨ ᠬᠠᠤᠯᠢ ᠲᠤᠬᠳᠠᠭᠠᠬᠤ ᠠᠵᠢᠯ ᠤᠨ ᠲᠦᠪᠰᠢᠨ ᠢ ᠲᠡᠭᠡᠭ᠍ᠰᠢᠯᠡᠭᠦᠯᠵᠦ᠂ ᠠᠵᠦ ᠠᠬᠤᠢ ᠶᠢᠨ ᠬᠢᠨᠠᠯᠳᠠ ᠲᠠᠯᠪᠢᠬᠤ ᠠᠵᠢᠯ ᠢ ᠰᠠᠶᠢᠳᠤᠷ ᠬᠢᠵᠦ᠂ ᠲᠦᠰᠦᠪ ᠤᠨ ᠲᠠᠰᠤᠯᠤᠨ ᠪᠤᠳᠤᠯᠳᠠ ᠶᠢ ᠬᠢᠨᠠᠨ ᠪᠠᠶᠢᠴᠠᠭᠠᠵᠦ ᠬᠢᠨᠠᠯᠳᠠ ᠲᠠᠯᠪᠢᠬᠤ ᠶᠢ ᠬᠦᠨᠵᠡᠭᠡᠶᠢᠷᠡᠭᠦᠯᠤᠨ᠂ ᠴᠢᠬᠤᠯᠠ ᠶᠡᠭᠡ ᠵᠦᠢᠯᠡᠰ ᠢ ᠲᠤᠬᠳᠠᠭᠠᠬᠤ ᠡᠷᠭᠡ ᠪᠠᠨ ᠰᠠᠶᠢᠳᠤᠷ ᠬᠡᠷᠡᠭᠵᠢᠭᠦᠯᠵᠦ᠂ ᠲᠤᠰ ᠪᠡᠶ᠎ᠠ ᠶᠢᠨ ᠪᠠᠶᠢᠭᠤᠯᠤᠯᠳᠠ ᠪᠠᠨ ᠴᠢᠩᠭ᠋ᠠᠳᠬᠠᠬᠤ ᠳᠤ᠂ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠢᠮᠠᠬᠳᠠ ᠲᠡᠭᠡᠳᠤ ᠬᠡᠮᠵᠢᠶ᠎ᠡ ᠪᠠᠷ ᠨᠢᠭᠡᠲᠦᠯᠳᠡᠢ ᠪᠠᠶᠢᠵᠦ᠂ ᠰᠢ ᠶᠢᠨ ᠫᠢᠡᠭ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠭᠢ ᠲᠤᠯᠤᠭᠠᠢ ᠪᠠᠨ ᠵᠡᠪᠰᠡᠭᠯᠡᠵᠦ᠂ ᠤᠢᠢᠯᠠᠭᠠᠯᠴᠠᠭ᠎ᠠ ᠬᠤᠯᠪᠤᠯᠴᠠᠭ᠎ᠠ ᠪᠠᠨ ᠴᠢᠩᠭ᠋ᠠᠳᠬᠠᠨ᠂ ᠬᠠᠮᠳᠤ ᠶᠢᠨ ᠲᠠᠨᠢᠯᠳᠠ ᠪᠠᠨ ᠨᠢᠬᠳᠠᠷᠠᠭᠤᠯᠵᠦ᠂ ᠬᠠᠮᠳᠤᠷᠠᠯ ᠤᠨ ᠬᠦᠴᠦᠨ ᠢ ᠪᠤᠢ ᠪᠤᠯᠭᠠᠵᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠬ ᠠᠵᠦ ᠠᠬᠤᠢ ᠶᠢᠨ ᠠᠵᠢᠯ ᠤᠨ ᠰᠢᠨ᠎ᠠ ᠲᠡᠭᠳᠡᠷ ᠲᠤ ᠭᠠᠷᠬᠤ ᠶᠢ ᠬᠠᠮᠳᠤᠪᠠᠷ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃

    ᠬᠤᠷᠠᠯ ᠠᠴᠠ ᠡᠮᠦᠨ᠎ᠠ᠂ ᠬᠤᠷᠠᠯ ᠳᠤ ᠤᠷᠤᠯᠴᠠᠬᠰᠠᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠦ ᠲᠤᠤᠱᠯᠠᠭᠤᠯᠬᠤ ᠲᠤᠰᠬᠠᠢ ᠰᠡᠳᠦᠪᠳᠤ ᠲᠠᠶᠢᠯᠤᠮᠵᠢ ᠶᠢ ᠬᠢᠨᠠᠮᠠᠭᠠᠢ ᠰᠤᠨᠤᠰᠪᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001122044205