蒙古文网站Logo
ᠰᠢᠨᠬᠤᠸᠠ ᠮᠤᠩᠭ᠋ᠤᠯ ᠨᠧᠲ

ᠯᠢ ᠵᠢᠢ ᠡᠾᠧᠩ᠄ ᠰᠢ ᠵᠢᠨ ᠫᠢᠩ ᠤᠨ ᠰᠢᠨ᠎ᠡ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭᠠᠨ ᠤ ᠠᠭᠤᠤ ᠶᠡᠬᠡ ᠲᠤᠭ ᠢ ᠦᠨᠳᠦᠷ ᠮᠠᠨᠲᠤᠭᠤᠯᠵᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ ᠰᠢᠨ᠎ᠡ ᠪᠡᠶᠢᠲᠡᠯ ᠢ ᠡᠭᠦᠳᠬᠦ ᠪᠡᠷ ᠴᠢᠷᠮᠠᠶᠢᠬᠤ ᠬᠡᠷᠡᠭᠲᠡᠢ

2017-12-01 16:48

    11 ᠰᠠᠷ᠎ᠠ ᠶᠢᠨ 29 ᠡᠴᠡ 30 ᠤ ᠡᠳᠦᠷ ᠪᠤᠯᠳᠠᠯ᠎ᠠ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠤᠯᠠᠭᠠᠨᠬᠠᠳᠠ ᠬᠤᠳᠠ ᠶᠢᠨ ᠬᠠᠷᠠᠴᠢᠨ ᠬᠤᠰᠢᠭᠤ᠂ ᠨᠢᠩᠴᠧᠩ ᠰᠢᠶᠠᠨ ᠳᠤ ᠬᠦᠨᠵᠡᠭᠡᠶᠢᠷᠡᠨ ᠰᠢᠨᠵᠢᠯᠡᠨ ᠪᠠᠶᠢᠴᠠᠭᠠᠪᠠ᠃ ᠪᠠᠶᠢᠴᠠᠭᠠᠨ ᠰᠤᠳᠤᠯᠬᠤ ᠳᠠᠭᠠᠨ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠨᠡᠨᠭᠦ ᠡᠳ᠋ ᠤᠨ ᠵᠠᠰᠠᠭ ᠨᠡᠶᠢᠭᠡᠮ ᠤᠨ ᠬᠦᠭ᠍ᠵᠢᠯᠳᠡ ᠶᠢᠨ ᠡᠯ᠎ᠠ ᠲᠠᠯ᠎ᠠ ᠳᠤ ᠨᠡᠶᠢᠳᠡᠪᠦᠷᠢᠵᠢᠭᠤᠯᠵᠤ᠂ ᠰᠢᠨ᠎ᠠ ᠴᠠᠭ ᠦᠶ᠎ᠠ ᠳᠤ ᠰᠢᠨ᠎ᠠ ᠵᠢᠳᠭᠦᠯ ᠴᠢᠷᠮᠠᠶᠢᠯᠭ᠎ᠠ ᠭᠠᠷᠭᠠᠨ ᠰᠢᠨ᠎ᠠ ᠪᠠᠶᠢᠳᠠᠯ ᠢ ᠡᠭᠦᠳᠭᠦ ᠪᠠᠷ ᠴᠢᠷᠮᠠᠶᠢᠬᠤ ᠬᠡᠷᠡᠭᠳᠡᠢ ᠬᠡᠵᠤ ᠴᠢᠬᠤᠯᠠᠴᠢᠯᠠᠪᠠ᠃

    ᠬᠤᠶᠠᠷ ᠡᠳᠦᠷ ᠤᠨ ᠲᠤᠷᠰᠢ᠂ ᠯᠢ ᠵᠢᠢ ᠾᠧᠩ ᠠᠵᠤ ᠠᠬᠤᠢᠢᠯᠠᠯ ᠢᠶᠠᠷ ᠬᠦᠷᠴᠤ᠂ ᠲᠦᠷᠦᠯ ᠵᠦᠢᠯ ᠢ ᠦᠵᠡᠨ᠂ ᠲᠠᠷᠢᠶᠠᠴᠢᠨ ᠡᠷᠦᠭᠡ ᠪᠠᠷ ᠬᠦᠨᠵᠡᠭᠡᠶᠢᠷᠡᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠪᠦᠭᠡᠳ ᠤᠢᠢᠯᠠᠭᠠᠮᠵᠢᠳᠡᠢ ᠤᠬᠠᠭᠤᠯᠤᠨ ᠲᠠᠶᠢᠯᠪᠤᠷᠢᠯᠠᠪᠠ᠃ ᠲᠡᠷᠡ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠤᠯ ᠤᠳᠤᠬᠠᠨ ᠤ ᠪᠠ ᠬᠤᠶᠢᠰᠢᠳᠡ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠤᠯᠤᠨ᠎ᠠ᠃ ᠤᠯᠠᠭᠠᠨᠬᠠᠳᠠ ᠬᠤᠳᠠ ᠶᠢᠨ ᠨᠠᠮ ᠤᠨ ᠬᠤᠷᠢᠶ᠎ᠠ ᠪᠠ ᠪᠦᠬᠦ ᠬᠤᠳᠠ ᠶᠢᠨ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠨᠠᠮ ᠢᠶᠡᠷ ᠢᠶᠡᠨ ᠶᠡᠭᠡ ᠰᠤᠷᠤᠯᠴᠠᠯᠭ᠎ᠠ ᠬᠢᠵᠤ᠂ ᠰᠤᠷᠤᠯᠴᠠᠨ ᠮᠡᠳᠡᠭᠦ ᠨᠡᠪᠳᠡᠷᠡᠳᠡᠯ᠎ᠠ ᠤᠢᠢᠯᠠᠭᠠᠬᠤ ᠪᠤᠳᠠᠳᠠᠶᠢᠵᠢᠭᠤᠯᠬᠤ ᠲᠡᠭᠡᠷ᠎ᠠ ᠬᠦᠴᠦ ᠤᠷᠤᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠡᠶᠢᠳᠡᠪᠦᠷᠢᠵᠢᠭᠤᠯᠵᠤ᠂ ᠨᠠᠷᠢᠨ ᠨᠢᠮᠪᠠᠢ ᠵᠤᠬᠢᠶᠠᠨ ᠪᠠᠶᠢᠭᠤᠯᠤᠨ ᠦᠷᠭᠦᠯᠵᠢᠯᠡᠨ ᠬᠦᠴᠦᠯᠡᠵᠤ᠂ ᠰᠤᠷᠤᠯᠴᠠᠵᠤ ᠤᠬᠠᠭᠤᠯᠤᠨ ᠲᠤᠤᠱᠯᠠᠭᠤᠯᠬᠤ ᠠᠵᠢᠯ ᠢ ᠲᠠᠰᠤᠷᠠᠯᠳᠠ ᠦᠭᠡᠢ ᠬᠦᠨᠵᠡᠬᠡᠶᠢᠷᠡᠭᠦᠯᠭᠦ ᠬᠡᠷᠡᠭᠳᠡᠢ ᠬᠡᠪᠡ᠃

    ᠮᠧᠩ ᠳ᠋ᠦᠩ ᠡᠮ ᠡᠮᠨᠡᠯᠭᠡ ᠶᠢᠨ ᠤᠳᠤ ᠦᠶ᠎ᠡ ᠶᠢᠨ ᠡᠳ᠋ ᠪᠠᠷᠠᠭᠠᠨ ᠤ ᠬᠦᠢᠯᠭᠡᠭᠡᠨ ᠤ ᠬᠦᠷᠢᠶᠡᠯᠡᠩ᠂ ᠮᠸᠢ ᠯᠢᠨ ᠭᠦ᠋ ᠮᠦᠰᠦ ᠴᠠᠰᠦᠨ ᠤ ᠲᠠᠮᠢᠷ ᠤᠨ ᠬᠦᠳᠡᠯᠭᠡᠭᠡᠨ ᠤ ᠲᠦᠷᠦᠯ ᠵᠦᠢᠯ ᠤᠨ ᠲᠤᠭᠤᠷᠢᠭ᠂ ᠶᠠᠨ ᠵᠢᠩ ᠫᠢᠸᠣ᠋ (ᠵᠦᠩ ᠵᠢᠩ) ᠶ᠋ᠢᠨ ᠬᠢᠵᠠᠭᠠᠷᠳᠤ ᠺᠤᠮᠫᠠᠨᠢ ᠳᠤ᠂ ᠯᠢ ᠵᠢᠢ ᠾᠧᠩ ᠠᠵᠤ ᠠᠬᠤᠢᠢᠯᠠᠯ ᠤᠨ ᠦᠢᠯᠡᠳᠪᠦᠷᠢᠯᠡᠯ ᠡᠵᠡᠩᠨᠡᠯᠳᠡ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠵᠡᠷᠭᠡ ᠪᠠᠶᠢᠳᠠᠯ ᠢ ᠨᠠᠷᠢᠨ ᠤᠢᠢᠯᠠᠭᠠᠪᠠ᠃ ᠲᠡᠷᠡ᠂ ᠬᠦᠭ᠍ᠵᠢᠭᠦᠯᠬᠦ ᠪᠤᠯ ᠠᠯᠢᠪᠠ ᠠᠰᠠᠭᠤᠳᠠᠯ ᠢ ᠰᠢᠢᠳᠪᠦᠷᠢᠯᠡᠭᠦ ᠰᠠᠭᠤᠷᠢ ᠪᠤᠯᠬᠤ ᠪᠦᠭᠡᠳ ᠵᠠᠩᠬᠢᠯᠠᠭ᠎ᠠ ᠪᠤᠯᠤᠨ᠎ᠠ᠂ ᠬᠦᠭ᠍ᠵᠢᠭᠦᠯᠬᠦ ᠬᠡᠭᠦ ᠡᠨᠡᠭᠦ ᠲᠡᠷᠢᠭᠦᠨ ᠴᠢᠬᠤᠯᠠ ᠡᠭᠦᠷᠭᠡ ᠶᠢ ᠴᠢᠩᠭ᠋᠎ᠠ ᠠᠳᠬᠤᠵᠤ᠂ ᠰᠢᠨ᠎ᠠ ᠬᠦᠭ᠍ᠵᠢᠯᠳᠡ ᠶᠢᠨ ᠤᠢᠢᠯᠠᠭᠠᠬᠳᠠᠬᠤᠨ ᠢ ᠬᠦᠨᠵᠡᠭᠡᠢ ᠲᠤᠤᠱᠯᠠᠭᠤᠯᠵᠤ᠂ ᠬᠠᠩᠭ᠋ᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠦᠷᠭᠦᠯᠵᠢᠯᠡᠨ ᠬᠦᠨᠵᠡᠭᠡᠶᠢᠷᠡᠭᠦᠯᠦᠨ᠂ ᠤᠳᠤ ᠦᠶ᠎ᠠ ᠶᠢᠨ ᠡᠳ᠋ ᠤᠨ ᠵᠠᠰᠠᠭ ᠤᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠪᠤᠳᠠᠳᠤ ᠴᠤᠬᠴᠠ ᠶᠢᠨ ᠡᠳ᠋ ᠤᠨ ᠵᠠᠰᠠᠭ ᠢ ᠶᠡᠭᠡᠪᠡᠷ ᠬᠦᠭ᠍ᠵᠢᠭᠦᠯᠵᠦ᠂ ᠡᠳ᠋ ᠤᠨ ᠵᠠᠰᠠᠭ ᠤᠨ ᠬᠦᠭ᠍ᠵᠢᠯᠳᠡ ᠶᠢᠨ ᠶᠠᠰᠤ ᠴᠢᠨᠠᠷ ᠪᠤᠯᠤᠨ ᠦᠷ᠎ᠠ ᠠᠰᠢᠭ ᠢ ᠦᠨᠡᠨᠭᠦ ᠲᠡᠭᠡᠭ᠍ᠰᠢᠯᠡᠭᠦᠯᠭᠦ ᠬᠡᠷᠡᠭᠳᠡᠢ ᠬᠡᠪᠡ᠃

    ᠤᠯᠠᠭᠠᠨᠬᠠᠳᠠ ᠬᠤᠳᠠ ᠶᠢᠨ ᠶᠠᠳᠠᠭᠤ ᠬᠦᠴᠢᠷᠳᠡᠯᠳᠡᠢ ᠬᠦᠮᠦᠨ ᠠᠮᠠ ᠤᠯᠠᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠭᠦᠷᠭᠡ ᠬᠦᠨᠳᠦ ᠪᠠᠶᠢᠭ᠎ᠠ ᠶᠤᠮ᠃ ᠯᠢ ᠵᠢᠢ ᠾᠧᠩ ᠬᠠᠷᠠᠴᠢᠨ ᠬᠤᠰᠢᠭᠤᠨ ᠤ ᠰᠢ ᠴᠢᠶᠤᠤ ᠪᠠᠯᠭᠠᠰᠦ ᠶᠢᠨ ᠯᠸᠢ ᠵᠢᠶᠠ ᠶᠢᠩᠽᠢ ᠲᠤᠰᠬᠤᠨ ᠤ ᠲᠠᠷᠢᠶᠠᠴᠢᠨ ᠡᠷᠦᠭᠡ ᠶᠢᠨ ᠵᠤᠭᠠᠴᠠᠯ ᠤᠨ ᠭᠠᠵᠠᠷ᠂ ᠨᠢᠩᠴᠧᠩ ᠰᠢᠶᠠᠨ ᠤ ᠮᠠᠷᠠᠳᠦ ᠪᠠᠯᠭᠠᠰᠦ ᠶᠢᠨ ᠤᠳᠤ ᠦᠶ᠎ᠠ ᠶᠢᠨ ᠲᠠᠷᠢᠶᠠᠯᠠᠩ ᠤᠨ ᠲᠦᠮᠡᠨ ᠮᠦ ᠶᠢᠨ ᠲᠦᠪᠡᠳ ᠬᠠᠰᠢ ᠶᠢᠨ ᠬᠦᠷᠢᠶᠡᠯᠡᠩ ᠲᠤᠭᠤᠷᠢᠭ᠂ ᠪᠠᠢ ᠱᠢ ᠰᠢᠩ ᠵᠢᠮᠢᠰ ᠤᠨ ᠲᠤᠰᠬᠠᠢ ᠬᠤᠷᠰᠢᠶ᠎ᠠ ᠳᠤ᠂ ᠦᠨᠳᠦᠰᠦᠨ ᠱᠠᠳᠤᠨ ᠤ ᠺᠠᠳ᠋ᠷ᠂ ᠶᠠᠳᠠᠭᠤ ᠬᠦᠴᠢᠷᠳᠡᠯᠳᠡᠢ ᠡᠷᠦᠭᠡ᠂ ᠬᠦᠷᠢᠶᠡᠯᠡᠩ ᠲᠤᠭᠤᠷᠢᠭ ᠵᠢᠴᠢ ᠬᠤᠷᠰᠢᠶ᠎ᠠ ᠶᠢᠨ ᠬᠠᠷᠢᠭᠤᠴᠠᠯᠭᠠᠳᠠᠨ ᠲᠠᠢ ᠰᠠᠨᠠᠯ ᠢᠶᠠᠨ ᠬᠦᠨᠵᠡᠭᠡᠢ ᠰᠤᠯᠢᠯᠴᠠᠵᠤ᠂ ᠠᠵᠤ ᠦᠢᠯᠡᠰ ᠢᠶᠠᠷ ᠶᠠᠳᠠᠭᠤ ᠶᠢ ᠲᠡᠳᠭᠦᠭᠦ ᠵᠡᠷᠭᠡ ᠪᠠᠶᠢᠳᠠᠯ ᠢ ᠨᠠᠷᠢᠨ ᠨᠢᠮᠪᠠᠢ ᠯᠠᠪᠯᠠᠨ ᠠᠰᠠᠭᠤᠪᠠ᠃ ᠲᠡᠷᠡ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠪᠤᠯ ᠴᠢᠨᠡᠭᠡᠯᠢᠭ᠌ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠬᠤᠷᠢᠭ᠎ᠠ ᠱᠤᠭᠤᠮ ᠤᠨ ᠡᠭᠦᠷᠭᠡ ᠪᠤᠯᠬᠤ ᠪᠦᠭᠡᠳ ᠪᠠᠷᠢᠮᠵᠢᠶᠠᠳᠤ ᠭᠦᠢᠴᠡᠳᠭᠡᠬᠦ ᠲᠤᠭ᠎ᠠ ᠪᠤᠯᠤᠨ᠎ᠠ᠃ ᠡᠯ᠎ᠠ ᠱᠠᠳᠤᠨ ᠤ ᠤᠳᠤᠷᠢᠳᠬᠤ ᠺᠠᠳ᠋ᠷᠴᠤᠳ᠂ ᠢᠯᠠᠩᠭ᠋ᠤᠶ᠎ᠠ ᠭᠤᠤᠯ ᠬᠠᠷᠢᠭᠤᠴᠠᠯᠭᠠᠳᠠᠨ ᠨᠦᠬᠦᠳ ᠶᠠᠳᠠᠭᠤ ᠠᠴᠠ ᠠᠩᠬᠢᠵᠢᠷᠠᠭᠤᠯᠬᠤ ᠬᠠᠷᠢᠭᠤᠴᠠᠯᠭ᠎ᠠ ᠶᠢ ᠴᠠᠭ ᠢᠮᠠᠬᠳᠠ ᠰᠡᠳᠬᠢᠯ ᠳᠡᠭᠡᠨ ᠪᠤᠳᠤᠵᠤ᠂ ᠮᠦᠷᠦᠨ ᠳᠡᠭᠡᠨ ᠡᠭᠦᠷᠭᠡᠯᠡᠨ᠂ ᠤᠨᠴᠠ ᠶᠠᠳᠠᠭᠤ ᠬᠦᠴᠢᠷᠳᠡᠯᠳᠡᠢ ᠡᠷᠦᠭᠡ ᠳᠤ ᠠᠩᠬᠠᠷᠤᠯ ᠢᠶᠠᠨ ᠲᠦᠪᠯᠡᠷᠡᠭᠦᠯᠵᠤ᠂ ᠤᠨᠢᠨ ᠲᠡᠭᠡᠷ᠎ᠠ ᠨᠢ ᠶᠠᠳᠠᠭᠤ ᠶᠢ ᠲᠡᠳᠭᠦᠭᠦ ᠱᠠᠭᠠᠷᠳᠠᠯᠭ᠎ᠠ ᠶᠢ ᠨᠡᠶᠢᠳᠡᠪᠦᠷᠢᠵᠢᠭᠤᠯᠵᠤ᠂ ᠶᠡᠭᠡᠪᠡᠷ ᠬᠦᠴᠦ ᠤᠷᠤᠭᠤᠯᠦᠨ᠂ ᠤᠨᠴᠠᠭᠠᠢᠢᠯᠠᠨ ᠬᠦᠳᠡᠭᠡ ᠲᠤᠰᠬᠤᠨ ᠢ ᠬᠦᠭ᠍ᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠲᠠᠢ ᠤᠶᠠᠯᠳᠤᠭᠤᠯᠵᠦ᠂ ᠠᠵᠤ ᠦᠢᠯᠡᠰ ᠢᠶᠠᠷ ᠶᠠᠳᠠᠭᠤ ᠶᠢ ᠲᠡᠳᠭᠦᠭᠦ ᠲᠠᠯ᠎ᠠ ᠪᠠᠷ ᠢᠯᠡᠭᠦᠦ ᠠᠷᠭ᠎ᠠ ᠰᠦᠪᠡᠭ᠍ᠴᠢᠯᠡᠨ᠂ ᠢᠯᠡᠭᠦᠦ ᠵᠠᠮ ᠡᠷᠢᠯᠬᠢᠯᠡᠵᠤ᠂ ᠤᠨᠴᠠᠯᠢᠬᠳᠤ ᠲᠠᠪᠠᠭᠤᠯᠢᠬᠳᠦ ᠠᠵᠤ ᠦᠢᠯᠡᠰ ᠢ ᠶᠡᠭᠡᠪᠡᠷ ᠬᠦᠭ᠍ᠵ᠍ᠢᠭᠦᠯᠵᠤ᠂ ᠲᠠᠷᠢᠶᠠᠴᠢᠨ ᠡᠷᠦᠭᠡ ᠪᠠ ᠠᠵᠤ ᠠᠬᠤᠢᠢᠯᠠᠯ ᠤᠨ ᠠᠰᠢᠭ ᠲᠤᠰᠠ ᠶᠢᠨ ᠬᠤᠯᠪᠤᠭᠠᠨ ᠤ ᠲᠤᠬᠳᠠᠴᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠤ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠲᠠᠶᠢᠴᠢᠨ ᠪᠠᠬᠢᠯᠡᠯᠳᠡ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠠᠷᠭ᠎ᠠ ᠪᠦᠬᠦᠨ ᠢ ᠰᠦᠪᠡᠭ᠍ᠴᠢᠯᠡᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠡᠯᠳᠡ ᠶᠢ ᠪᠦᠬᠦ ᠬᠦᠴᠦᠨ ᠢᠶᠠᠷ ᠤᠯᠬᠤ ᠬᠡᠷᠡᠭᠳᠡᠢ ᠬᠡᠵᠤ ᠴᠢᠬᠤᠯᠠᠴᠢᠯᠠᠪᠠ᠃

    ᠪᠠᠶᠢᠴᠠᠭᠠᠨ ᠰᠤᠳᠤᠯᠬᠤ ᠬᠤᠭᠤᠴᠠᠭᠠᠨ ᠳᠠᠭᠠᠨ᠂ ᠯᠢ ᠵᠢᠢ ᠾᠧᠩ ᠤᠯᠠᠭᠠᠨᠬᠠᠳᠠ ᠬᠤᠳᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠪᠠ᠃ ᠲᠡᠷᠡ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠤᠷᠠᠳᠤᠬᠰᠠᠨ ᠬᠠᠷᠠᠯᠳᠠ ᠡᠭᠦᠷᠭᠡ ᠲᠠᠢ ᠬᠠᠷᠢᠴᠠᠭᠤᠯᠵᠤ᠂ ᠤᠯᠠᠭᠠᠨᠬᠠᠳᠠ ᠬᠤᠳᠠ ᠶᠢᠨ ᠦᠭᠡᠷᠡᠴᠢᠯᠡᠯᠳᠡ ᠬᠦᠭ᠍ᠵᠢᠯᠳᠡ᠂ ᠨᠠᠮ ᠤᠨ ᠪᠠᠶᠢᠭᠤᠯᠤᠯᠳᠠ ᠶᠢᠨ ᠪᠤᠳᠠᠳᠠᠢ ᠳᠤ ᠰᠠᠭᠤᠷᠢᠯᠠᠨ᠂ ᠡᠳ᠋ ᠤᠨ ᠵᠠᠰᠠᠭ ᠤᠨ ᠦᠷᠭᠦᠯᠵᠢᠯᠡᠨ ᠡᠷᠡᠭᠦᠯ ᠢᠶᠠᠷ ᠬᠦᠭ᠍ᠵᠢᠭᠦ ᠶᠢ ᠠᠬᠢᠭᠤᠯᠬᠤ ᠲᠠᠯ᠎ᠠ ᠪᠠᠷ ᠰᠢᠨ᠎ᠠ ᠵᠢᠳᠭᠦᠯ ᠴᠢᠷᠮᠠᠶᠢᠯᠭ᠎ᠠ ᠭᠠᠷᠭᠠᠬᠤ᠂ ᠦᠭᠡᠷᠡᠴᠢᠯᠡᠯᠳᠡ ᠨᠡᠭᠡᠭᠡᠯᠳᠡ ᠶᠢ ᠬᠦᠨᠵᠡᠭᠡᠶᠢᠷᠡᠭᠦᠯᠭᠦ ᠲᠠᠯ᠎ᠠ ᠪᠠᠷ ᠰᠢᠨ᠎ᠠ ᠵᠢᠳᠭᠦᠯ ᠴᠢᠷᠮᠠᠶᠢᠯᠭ᠎ᠠ ᠭᠠᠷᠭᠠᠬᠤ᠂ ᠠᠷᠠᠳ ᠤᠨ ᠠᠮᠢᠳᠦᠷᠠᠯ ᠢ ᠪᠠᠳᠤᠯᠠᠨ ᠰᠠᠶᠢᠵᠢᠷᠠᠭᠤᠯᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ᠂ ᠡᠶ᠎ᠡ ᠵᠤᠬᠢᠴᠠᠩᠭ᠋ᠤᠢ ᠲᠤᠬᠳᠠᠭᠤᠨ ᠨᠡᠶᠢᠭᠡᠮ ᠤᠨ ᠶᠡᠭᠡ ᠲᠠᠯ᠎ᠠ ᠶᠢ ᠪᠠᠳᠤᠯᠠᠬᠤ ᠲᠠᠯ᠎ᠠ ᠪᠠᠷ ᠰᠢᠨ᠎ᠠ ᠵᠢᠳᠭᠦᠯ ᠴᠢᠷᠮᠠᠶᠢᠯᠭ᠎ᠠ ᠭᠠᠷᠭᠠᠬᠤ᠂ ᠪᠦᠬᠦ ᠲᠠᠯ᠎ᠠ ᠪᠠᠷ ᠨᠠᠮ ᠢ ᠴᠢᠩᠭ᠋᠎ᠠ ᠵᠠᠰᠠᠬᠤ ᠲᠠᠯ᠎ᠠ ᠪᠠᠷ ᠰᠢᠨ᠎ᠠ ᠵᠢᠳᠭᠦᠯ ᠴᠢᠷᠮᠠᠶᠢᠯᠭ᠎ᠠ ᠭᠠᠷᠭᠠᠬᠤ ᠪᠠᠷ ᠬᠦᠴᠦᠯᠡᠵᠤ᠂ 《ᠦᠵᠡᠰᠭᠦᠯᠡᠩᠳᠦ ᠰᠠᠶᠢᠬᠠᠨ ᠦᠪᠦᠷ ᠮᠤᠩᠭ᠋ᠤᠯ ᠶᠢᠡᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ》 ᠳ᠋ᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠳᠡᠢ ᠬᠡᠵᠤ ᠴᠢᠬᠤᠯᠠᠴᠢᠯᠠᠵᠠᠢ᠃

    ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭ᠋ᠤ ᠶᠢᠨ ᠬᠡᠰᠢᠭᠦᠨ᠂ ᠨᠠᠷᠢᠨ ᠪᠢᠴᠢᠭ᠌ ᠤᠨ ᠲᠠᠷᠤᠭ᠎ᠠ ᠯᠦᠸᠧ ᠶᠦᠩ ᠭᠠᠩ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠪᠠᠶᠢᠴᠠᠭᠠᠨ ᠰᠤᠳᠤᠯᠬᠤ ᠳᠤ ᠤᠷᠤᠯᠴᠠᠵᠠᠢ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122044407