蒙古文网站Logo
ᠰᠢᠨᠬᠤᠸᠠ ᠮᠤᠩᠭ᠋ᠤᠯ ᠨᠧᠲ

ᠯᠢ ᠵᠢᠢ ᠡᡁᠧᠩ᠄ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ ᠡᠭᠦᠷᠢᠳᠡ ᠳᠠᠯ᠎ᠠ ᠨᠤᠳᠤᠭ ᠤᠨ 《ᠬᠤᠪᠢᠰᠬᠠᠯᠳᠤ ᠤᠳᠬ᠎ᠠ ᠤᠷᠠᠯᠢᠭ ᠤᠨ ᠬᠦᠩᠬᠡᠨ ᠮᠤᠷᠢᠳᠦ ᠴᠡᠷᠢᠭ》 ᠪᠤᠯᠬᠤ ᠬᠡᠷᠡᠭᠳᠠᠢ

2017-12-05 18:36

    12 ᠰᠠᠷ᠎ᠠ ᠶᠢᠨ 4 ᠤ ᠦᠳᠡ ᠶᠢᠨ ᠡᠮᠦᠨ᠎ᠡ᠂ ᠪᠦᠬᠦ ᠤᠷᠤᠨ ᠤ ᠤᠯᠠᠭᠠᠨᠮᠦ᠋ᠴᠢᠷ ᠤᠨ ᠠᠵᠢᠯ ᠤᠨ ᠬᠤᠷᠠᠯ ᠵᠢᠴᠢ ᠤᠯᠠᠭᠠᠨᠮᠦ᠋ᠴᠢᠷ ᠪᠠᠶᠢᠭᠤᠯᠤᠭᠳᠠᠭᠰᠠᠨ 60 ᠵᠢᠯ ᠤᠨ ᠤᠢ ᠶᠢᠨ ᠬᠦᠬᠢᠭᠦᠯᠦᠨ ᠰᠠᠶᠢᠰᠢᠶᠠᠬᠤ ᠶᠡᠭᠡ ᠬᠤᠷᠠᠯ ᠬᠦᠬᠡᠬᠤᠳᠠ ᠳᠤ ᠬᠤᠷᠠᠯᠳᠣᠪᠠ᠃ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠡᡁᠧᠩ ᠬᠤᠷᠠᠯ ᠳᠤ ᠤᠷᠤᠯᠴᠠᠬᠤ ᠶᠢᠨ ᠬᠠᠮᠳᠣ ᠶᠠᠷᠢᠶ᠎ᠠ ᠳᠠᠯᠪᠢᠵᠤ᠂ ᠬᠦᠭᠢᠭᠦᠯᠦᠭᠳᠡᠨ ᠰᠠᠶᠢᠰᠢᠶᠠᠭᠳᠠᠭᠰᠠᠨ ᠳᠡᠷᠢᠭᠦᠨ ᠤ ᠬᠠᠮᠳᠣ ᠪᠠ ᠬᠤᠪᠢ ᠬᠦᠮᠦᠨ ᠳᠤ ᠬᠠᠯᠠᠭᠤᠨ ᠪᠠᠶᠠᠷ ᠬᠦᠷᠭᠡᠵᠤ᠂ ᠪᠦᠬᠦ ᠤᠷᠤᠨ ᠤ ᠦᠷᠭᠡᠨ ᠤᠯᠠᠨ ᠤᠯᠠᠭᠠᠨᠮᠦ᠋ᠴᠢᠷ ᠤᠨ ᠬᠡᠰᠢᠭᠦᠨ ᠳᠤ ᠴᠢᠩ ᠰᠡᠳᠬᠢᠯ ᠤᠨ ᠮᠡᠨᠳᠦᠴᠢᠯᠠᠯ ᠢᠶᠠᠨ ᠳᠡᠪᠰᠢᠭᠦᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠯᠠᠭᠠᠨᠮᠦ᠋ᠴᠢᠷ ᠤᠨ ᠦᠢᠯᠡᠰ ᠤᠨ ᠬᠦᠭ᠍ᠵᠢᠯᠳᠡ ᠶᠢᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠠᠭᠠᠨᠮᠦ᠋ᠴᠢᠷ ᠤᠨ ᠦᠢᠯᠡᠰ ᠢ ᠳᠠᠰᠤᠷᠠᠯᠳᠠ ᠦᠭᠡᠢ ᠠᠬᠢᠭᠤᠯᠵᠣ᠂ ᠤᠯᠠᠭᠠᠨᠮᠦ᠋ᠴᠢᠷ ᠬᠡᠰᠡᠨ ᠡᠨᠡᠬᠦ ᠤᠳᠬ᠎ᠠ ᠤᠷᠠᠯᠢᠭ ᠤᠨ ᠲᠤᠭ ᠢ ᠨᠡᠩ ᠢᠯᠡᠭᠦᠦ ᠬᠡᠷᠡᠯ ᠬᠢᠯᠪᠠᠭ᠎ᠠ ᠰᠠᠴᠣᠷᠠᠭᠤᠯᠬᠤ ᠬᠡᠷᠡᠭᠳᠠᠢ ᠬᠡᠵᠤ ᠴᠢᠬᠤᠯᠠᠴᠢᠯᠠᠪᠠ᠃

    ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠳᠡᠷᠢᠭᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠪᠡ᠃ ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠣᠭᠤᠯᠵᠣ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠬᠠᠮᠢᠶ᠎ᠠ ᠪᠦᠬᠦᠢ ᠤᠳᠤᠷᠢᠳᠤᠯᠭ᠎ᠠ ᠭᠤᠤᠯ ᠬᠤᠷᠠᠯ ᠤᠨ ᠳᠠᠯᠠᠪᠠᠢ ᠳᠤ ᠬᠤᠷᠠᠯ ᠳᠤ ᠤᠷᠤᠯᠴᠠᠪᠠ᠃

    ᠯᠢ ᠵᠢᠢ ᠡᡁᠧᠩ᠂ ᠶᠡᠷᠦᠩᠬᠡᠢ ᠱᠦᠵᠢ ᠰᠢ ᠶᠢᠨ ᠫᠢᠩ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠬᠡᠰᠢᠬᠦᠳ ᠲᠤ ᠬᠠᠷᠢᠭᠤ ᠵᠠᠬᠢᠳᠠᠯ ᠢᠷᠡᠭᠦᠯᠵᠦ᠂ ᠤᠯᠠᠭᠠᠨᠮᠦ᠋ᠴᠢᠷ ᠤᠨ ᠦᠢᠯᠡᠰ ᠤᠨ ᠬᠦᠭ᠍ᠵᠢᠯᠳᠡ ᠳᠤ ᠴᠢᠬᠤᠯᠠ ᠵᠢᠭᠠᠪᠤᠷᠢ ᠦᠭ᠍ᠭᠦᠭ᠍ᠰᠡᠨ ᠨᠢ᠂ ᠪᠦᠬᠦ ᠤᠷᠤᠨ ᠤ ᠤᠳᠬ᠎ᠠ ᠤᠷᠠᠯᠢᠭ ᠤᠨ ᠬᠦᠭ᠍ᠵᠢᠯᠳᠡ ᠪᠠ ᠰᠤᠶᠤᠯ ᠤᠨ ᠪᠠᠶᠢᠭᠤᠯᠤᠯᠳᠠ ᠶᠢᠨ ᠠᠬᠢᠴᠠ ᠳᠣᠮᠳᠠᠬᠢ ᠬᠦᠰᠢᠶ᠎ᠡ ᠲᠤᠷᠠᠰᠬᠠᠯ ᠤᠨ ᠠᠴᠢ ᠬᠤᠯᠪᠤᠭᠳᠠᠯ ᠲᠠᠢ ᠳᠤᠮᠤ ᠶᠠᠪᠤᠳᠠᠯ ᠪᠤᠯᠣᠨ᠎ᠠ᠃ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ 《ᠲᠦᠷᠪᠡᠨ ᠤᠬᠠᠮᠰᠠᠷ》  ᠶᠢᠡᠨ ᠴᠢᠨᠠᠭᠰᠢᠳᠠ ᠴᠢᠩᠭ᠋ᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠨ ᠨᠠᠶᠢᠳᠠᠪᠤᠷᠢᠵᠢᠭᠤᠯᠬᠤ ᠶᠢ ᠤᠯᠤᠰ ᠲᠦᠷᠦ ᠶᠢᠨ ᠴᠢᠬᠤᠯᠠ ᠡᠭᠦᠷᠭᠡ ᠪᠤᠯᠭᠠᠵᠤ᠂ ᠤᠯᠠᠭᠠᠨᠮᠦ᠋ᠴᠢᠷ ᠤᠨ ᠦᠢᠯᠡᠰ ᠤᠨ ᠬᠦᠭ᠍ᠵᠢᠯᠳᠡ ᠶᠢ ᠴᠢᠬᠤᠯᠠ ᠵᠦᠪᠯᠡᠬᠦ ᠵᠦᠢᠯ ᠳᠡᠭᠡᠨ ᠤᠷᠤᠭᠤᠯᠵᠤ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠠ ᠪᠠᠳᠤᠯᠠᠭ᠎ᠠ ᠶᠢᠨ ᠡᠷᠴᠢᠮ ᠢᠶᠠᠨ ᠴᠢᠩᠭ᠋ᠠᠷᠠᠭᠤᠯᠵᠤ᠂ ᠤᠯᠠᠭᠠᠨᠮᠦ᠋ᠴᠢᠷ ᠤᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠦᠭ᠍ᠵᠢᠬᠦ ᠳᠤ ᠬᠦᠴᠦᠨ ᠪᠦᠬᠦᠢ ᠳᠣᠯᠭᠠᠭᠤᠷᠢᠯᠠᠯ ᠬᠠᠩᠭ᠋ᠠᠬᠤ ᠬᠡᠷᠡᠭᠳᠡᠢ᠃ ᠦᠷᠭᠡᠨ ᠤᠯᠠᠨ ᠤᠯᠠᠭᠠᠨᠮᠦ᠋ᠴᠢᠷ ᠤᠨ ᠬᠡᠰᠢᠭᠦᠨ ᠬᠦᠰᠡᠯ ᠨᠠᠶᠢᠳᠠᠯᠭ᠎ᠠ ᠶᠢ ᠪᠠᠳᠤ ᠴᠡᠭᠡᠵᠢᠯᠡᠨ᠂ ᠤᠭ ᠰᠠᠨᠠᠭ᠎ᠠ ᠪᠠᠨ ᠦᠯᠦ ᠮᠡᠷᠳᠠᠨ᠂ ᠦᠨᠳᠦᠰᠦᠨ ᠱᠠᠳᠤᠨ ᠤ ᠨᠢᠭᠡᠳᠦᠭᠡᠷ ᠹᠷᠣᠨᠲ ᠲᠤ ᠦᠨᠳᠦᠰᠦ ᠬᠠᠳᠬᠤᠵᠣ᠂ ᠠᠷᠠᠳ ᠲᠦᠮᠡᠨ ᠳᠤ ᠦᠢᠯᠡᠴᠢᠯᠡᠵᠤ᠂ ᠤᠳᠬ᠎ᠠ ᠤᠷᠠᠯᠢᠭ ᠤᠨ ᠰᠢᠨ᠎ᠠ ᠶᠢ ᠡᠭᠦᠳᠬᠦ ᠶᠢ ᠠᠬᠢᠭᠤᠯᠵᠦ᠂ ᠤᠯᠠᠠ ᠲᠦᠮᠡᠡ ᠲᠠᠢ ᠤᠢᠢᠷᠠᠲᠤᠭᠰᠠᠠ᠂ ᠤᠯᠠᠨ ᠲᠦᠮᠡᠨ ᠤ ᠲᠤᠮᠳᠠ ᠲᠡᠯᠭᠡᠷᠡᠵᠦ ᠲᠠᠭᠠᠰᠢᠶᠠᠭᠳᠠᠬᠰᠠᠨ ᠰᠢᠯᠢᠲᠡᠭ ᠪᠦᠲᠦᠭᠡᠯ ᠢ ᠨᠡᠩ ᠤᠯᠠᠠ ᠵᠤᠬᠢᠶᠠᠨ ᠪᠦᠲᠦᠭᠡᠬᠦ ᠪᠠᠷ ᠴᠢᠷᠮᠠᠶᠢᠵᠦ᠂ ᠡᠭᠦᠷᠢᠳᠡ ᠲᠠᠯ᠎ᠠ ᠨᠤᠲᠤᠭ ᠤᠨ 《ᠬᠤᠪᠢᠰᠬᠠᠯᠳᠦ ᠤᠳᠬ᠎ᠠ ᠤᠷᠠᠯᠢᠭ ᠤᠨ ᠬᠦᠩᠭᠡᠡ ᠮᠤᠷᠢᠲᠦ ᠴᠡᠷᠢᠭ》ᠪᠤᠯᠵᠤ᠂ ᠪᠤᠳᠠᠳᠤ ᠠᠵᠢᠯᠯᠠᠭ᠎ᠠ ᠪᠠ ᠰᠢᠯᠢᠳᠡᠭ ᠠᠮᠵᠢᠯᠳᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢ ᠶᠢᠨ ᠠᠴᠢ ᠶᠢ ᠬᠠᠷᠢᠭᠤᠯᠠᠬᠤ ᠬᠡᠷᠡᠭᠳᠠᠢ ᠬᠡᠵᠦ ᠵᠢᠭᠠᠵᠣ ᠭᠠᠷᠭᠠᠪᠠ᠃

    ᠯᠢ ᠵᠢᠢ ᠡᡁᠧᠩ᠂ ᠤᠯᠠᠭᠠᠨᠮᠦ᠋ᠴᠢᠷ ᠨᠢ ᠬᠡᠷᠡᠯ ᠬᠢᠯᠪᠠᠭ᠎ᠠ ᠰᠠᠴᠣᠷᠠᠭᠰᠠᠨ ᠤᠳᠬ᠎ᠠ ᠤᠷᠠᠯᠢᠭ ᠤᠨ ᠲᠦᠷᠦᠯ ᠳᠡᠮᠳᠡᠭ ᠪᠣᠯᠬᠤ ᠪᠠᠷ ᠪᠠᠷᠠᠬᠤ ᠦᠭᠡᠢ᠂ ᠮᠦᠨᠴᠦ ᠨᠢᠭᠡ ᠵᠦᠢᠯ ᠤᠨ ᠬᠦᠴᠦᠷᠬᠡᠭ᠌ ᠶᠡᠭᠡ ᠤᠶᠤᠨ ᠰᠠᠨᠠᠭᠠᠨ ᠤ ᠬᠦᠴᠦᠨ ᠪᠣᠯᠣᠨ᠎ᠠ᠂ ᠪᠦᠬᠦ ᠤᠷᠤᠨ ᠤ ᠡᠯ᠎ᠡ ᠠᠵᠢᠯ ᠲᠦᠷᠦᠯ ᠤᠨ ᠬᠢᠨ ᠤᠯᠠᠭᠠᠨᠮᠦ᠋ᠴᠢᠷ ᠤᠨ ᠢᠷᠠᠭᠤ ᠠᠯᠳᠠᠷᠳᠤ ᠤᠯᠠᠮᠵᠢᠯᠠᠯ ᠪᠠ ᠰᠢᠯᠢᠳᠡᠭ ᠰᠤᠷᠳᠠᠯ ᠢ ᠶᠡᠬᠡᠪᠡᠷ ᠪᠠᠳᠠᠷᠠᠭᠤᠯᠵᠤ᠂ ᠦᠷᠭᠡᠨ ᠤᠯᠠᠨ ᠺᠠᠳ᠋ᠷ ᠠᠵᠢᠯᠳᠠᠨ ᠢ ᠣᠷᠮᠠᠰᠢᠭᠤᠯᠣᠨ ᠵᠣᠷᠢᠭᠵᠢᠭᠤᠯᠵᠣ ᠬᠡᠵᠢᠶᠡᠳᠡ ᠬᠤᠶᠢᠷᠭᠤᠰᠢᠬᠤ ᠦᠭᠡᠢ ᠣᠶᠣᠨ ᠰᠠᠨᠠᠭᠠᠨ ᠤ ᠳᠦᠷᠰᠦ ᠪᠠᠶᠢᠳᠠᠯ ᠪᠠ ᠴᠣᠴᠠᠯᠳᠠ ᠦᠭᠡᠢ ᠳᠡᠮᠡᠴᠡᠬᠦ ᠤᠪᠤᠷ ᠪᠠᠶᠢᠳᠠᠯ ᠢ ᠨᠢ ᠪᠠᠳᠣᠵᠢᠭᠤᠯᠵᠣ᠂ ᠴᠢᠨᠡᠭᠡᠯᠢᠭ᠌ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠰᠢᠢᠳᠪᠦᠷᠢᠳᠦ ᠢᠯᠠᠯᠳᠠ ᠶᠢ ᠣᠯᠬᠤ᠂ ᠤᠳᠤᠬᠢᠴᠢᠯᠠᠭᠰᠠᠨ ᠦᠪᠦᠷ ᠮᠤᠩᠭ᠋ᠤᠯ ᠢ ᠪᠦᠬᠦ ᠳᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠨᠡᠭᠡᠭᠡᠬᠦ ᠬᠠᠷᠠᠯᠳᠠ ᠳᠡᠰᠢ ᠡᠷᠡᠯᠭᠡᠭ᠍ᠯᠡᠨ ᠣᠷᠣᠭᠰᠢᠯᠠᠵᠣ᠂ 《ᠦᠵᠡᠰᠭᠦᠯᠡᠩᠳᠤ ᠰᠠᠶᠢᠬᠠᠨ ᠦᠪᠦᠷ ᠮᠤᠩᠭ᠋ᠤᠯ ᠶᠢᠡᠨ ᠪᠦᠳᠦᠭᠡᠨ ᠪᠠᠶᠢᠭᠤᠯᠵᠤ᠂ ᠠᠭᠤᠣ ᠶᠡᠭᠡ ᠳᠤᠮᠳᠠᠳᠤ ᠶᠢᠨ ᠵᠡᠭᠦᠳᠦ ᠪᠠᠨ ᠬᠠᠮᠳᠤᠪᠠᠷ ᠳᠡᠷᠭᠡᠯᠰᠢᠭᠦᠯᠬᠦ》  ᠶᠢᠨ ᠲᠦᠯᠦᠭᠡ ᠴᠦᠬᠦᠷᠡᠯ ᠦᠭᠡᠢ ᠴᠢᠷᠮᠠᠶᠢᠬᠤ ᠬᠡᠷᠡᠭᠳᠠᠢ ᠭᠡᠵᠦ ᠴᠢᠬᠤᠯᠠᠴᠢᠯᠠᠪᠠ᠃

    ᠪᠦ᠋ ᠰᠢᠶᠤᠤ ᠯᠢᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠠᠭᠠᠨᠮᠦ᠋ᠴᠢᠷ ᠤᠨ ᠬᠡᠷᠡᠯ ᠰᠠᠴᠤᠷᠠᠩᠭ᠋ᠤᠢ ᠶᠠᠪᠣᠴᠠ ᠪᠠ ᠰᠢᠯᠢᠳᠡᠭ ᠤᠯᠠᠮᠵᠢᠯᠠᠯ ᠢ ᠬᠢᠨᠠᠮᠠᠭᠠᠢ ᠳ᠋ᠦᠩᠨᠡᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠣᠬᠠᠭᠤᠯᠬᠤ᠂ ᠨᠡᠶᠢᠬᠡᠮ ᠵᠢᠷᠤᠮ ᠤᠨ ᠳᠡᠷᠢᠭᠦᠨ ᠤ ᠰᠤᠶᠤᠯ ᠤᠨ ᠪᠠᠶᠢᠭᠤᠯᠤᠯᠳᠠ ᠪᠤᠯᠤᠨ ᠠᠷᠠᠳ ᠣᠯᠠᠨ ᠤ ᠡᠳᠤᠷ ᠢᠷᠡᠭᠦᠶ᠎ᠡ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭ᠋ᠠᠬᠤ ᠰᠢᠨ᠎ᠡ ᠡᠭᠦᠷᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠤᠳᠬ᠎ᠠ ᠤᠷᠠᠯᠢᠭ ᠤᠨ ᠴᠢᠳᠠᠪᠤᠷᠢᠳᠠᠨ ᠢ ᠬᠦᠨᠳᠦᠳᠭᠡᠬᠦ᠂ ᠤᠳᠬ᠎ᠠ ᠤᠷᠠᠯᠢᠭ ᠤᠨ ᠵᠤᠬᠢᠶᠠᠨ ᠪᠦᠳᠦᠭᠡᠯᠭᠡ ᠶᠢ ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠵᠦ᠂ ᠰᠤᠶᠤᠯ ᠤᠨ ᠦᠪᠡᠷ ᠤᠨ ᠢᠳᠡᠭᠡᠯ ᠢᠶᠠᠨ ᠪᠠᠳᠤᠳᠬᠠᠵᠤ᠂ ᠤᠯᠠᠭᠠᠨᠮᠦ᠋ᠴᠢᠷ ᠤᠨ ᠦᠢᠯᠡᠰ ᠤᠨ ᠳᠠᠰᠤᠷᠠᠯᠳᠠ ᠦᠭᠡᠢ ᠰᠢᠨ᠎ᠡ ᠦᠷ᠎ᠡ ᠪᠦᠳᠦᠮᠵᠢ ᠤᠯᠬᠤ ᠶᠢ ᠠᠬᠢᠭᠤᠯᠬᠤ ᠬᠡᠷᠡᠭᠳᠠᠢ ᠭᠡᠵᠦ ᠴᠢᠬᠤᠯᠠᠴᠢᠯᠠᠪᠠ᠃

    ᠬᠤᠷᠠᠯ ᠠᠴᠠ ᠪᠦᠬᠦ ᠤᠷᠤᠨ ᠤ ᠠᠷᠪᠠᠨ ᠰᠣᠳᠣᠨ ᠤᠯᠠᠭᠠᠨᠮᠦ᠋ᠴᠢᠷ᠂ ᠰᠢᠯᠢᠳᠡᠭ ᠤᠯᠠᠭᠠᠨᠮᠦ᠋ᠴᠢᠷ ᠤᠨ ᠳᠠᠷᠤᠭ᠎ᠠ᠂ ᠤᠯᠠᠭᠠᠨᠮᠦ᠋ᠴᠢᠷ ᠤᠨ ᠦᠢᠯᠡᠰ ᠲᠤ ᠤᠨᠴᠠᠭᠠᠢ ᠬᠤᠪᠢ ᠨᠡᠮᠡᠷᠢ ᠦᠵᠡᠭᠦᠯᠦᠭᠰᠡᠨ ᠱᠠᠩᠨᠠᠯ ᠬᠦᠷᠳᠡᠭᠰᠡᠳ᠂ 30 ᠵᠢᠯ ᠠᠴᠠ ᠳᠡᠭᠡᠭ᠍ᠰᠢ ᠤᠯᠠᠭᠠᠨᠮᠦ᠋ᠴᠢᠷ ᠲᠤ ᠠᠵᠢᠯᠯᠠᠭᠰᠠᠨ ᠰᠢᠯᠢᠳᠡᠭ ᠬᠡᠰᠢᠬᠦᠳ ᠢ ᠬᠦᠬᠢᠭᠦᠯᠦᠨ ᠰᠠᠶᠢᠰᠢᠶᠠᠵᠣ᠂ ᠬᠦᠬᠢᠭᠦᠯᠦᠭᠳᠡᠨ ᠰᠠᠶᠢᠰᠢᠶᠠᠭᠳᠠᠭᠰᠠᠨ ᠳᠡᠷᠢᠭᠦᠨ ᠤ ᠬᠠᠮᠳᠣ ᠪᠠ ᠬᠤᠪᠢ ᠬᠦᠮᠦᠨ ᠤ ᠲᠦᠯᠦᠭᠡᠯᠡᠭᠴᠢ ᠦᠭᠡ ᠬᠡᠯᠡᠵᠡᠢ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122062219