蒙古文网站Logo
ᠰᠢᠨᠬᠤᠸᠠ ᠮᠤᠩᠭ᠋ᠤᠯ ᠨᠧᠲ

ᠪᠦ᠋ ᠰᠢᠶᠤᠤ ᠯᠢᠨ ᠰᠢᠨ᠎ᠡ ᠪᠠᠷᠭᠤ ᠵᠡᠭᠦᠨ ᠬᠤᠰᠢᠭᠤᠨ ᠳ᠋ᠤ ᠮᠠᠯᠵᠢᠬᠤ ᠤᠷᠤᠨ ᠤ ᠠᠵᠢᠯ ᠢ ᠪᠠᠶᠢᠴᠠᠭᠠᠨ ᠰᠤᠲᠤᠯᠬᠤ ᠳ᠋ᠠᠭᠠᠨ ᠠᠵᠤ ᠦᠢᠯᠡᠰ ᠶᠢᠡᠷ ᠲᠠᠭᠠᠭᠤᠯᠬᠤ ᠶᠢ ᠲᠤᠪᠤᠶᠢᠯᠭᠠᠵᠤ ᠮᠠᠯᠴᠢᠳ ᠤᠨ ᠤᠷᠤᠯᠭ᠎ᠠ ᠪᠠᠨ ᠨᠡᠮᠡᠭᠲᠡᠬᠦᠯᠦᠨ ᠴᠢᠨᠡᠭᠡᠯᠢᠭ᠍ᠵᠢᠬᠦ ᠶᠢ ᠲᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠵᠠᠢ

2017-12-26 12:00

    ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠬᠦᠯᠦᠨ ᠪᠤᠶᠢᠷ ᠬᠤᠲᠠ ᠶᠢᠨ ᠰᠢᠨ᠎ᠡ ᠪᠠᠷᠭᠤ ᠵᠡᠬᠦᠨ ᠬᠤᠰᠢᠭᠤᠨ ᠳ᠋ᠤ ᠮᠠᠯᠵᠢᠬᠤ ᠤᠷᠤᠨ ᠤ ᠠᠵᠢᠯ ᠢ ᠰᠤᠲᠤᠯᠬᠤ ᠳ᠋ᠠᠭᠠᠨ᠂ ᠠᠵᠤ ᠦᠢᠯᠡᠰ ᠶᠢᠡᠷ ᠲᠠᠭᠠᠭᠤᠯᠬᠤ ᠶᠢ ᠲᠤᠪᠤᠶᠢᠯᠭᠠᠵᠤ ᠮᠠᠯᠴᠢᠳ ᠤᠨ ᠤᠷᠤᠯᠭ᠎ᠠ ᠪᠠᠨ ᠨᠡᠮᠡᠭᠲᠡᠬᠦᠯᠦᠨ ᠴᠢᠨᠡᠭᠡᠯᠢᠭ᠍ᠵᠢᠬᠦ ᠶᠢ ᠲᠠᠶᠢᠴᠢᠯᠠᠬᠤ ᠬᠡᠷᠡᠭᠲᠡᠢ ᠭᠡᠵᠤ ᠴᠢᠬᠤᠯᠠᠴᠢᠯᠠᠪᠠ᠃

    ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭ᠋ᠤ ᠶᠢᠨ ᠭᠡᠰᠢᠬᠦᠨ᠂ ᠨᠢᠭᠡᠲᠦᠮᠡᠯ ᠹᠷᠤᠨᠲ ᠤᠨ ᠬᠡᠯᠲᠡᠰ ᠤᠨ ᠲᠠᠷᠤᠭ᠎ᠠ ᠸᠠᠩ ᠯᠢ ᠰᠢᠶᠠ ᠪᠠᠷ᠎ᠠ ᠪᠤᠯᠵᠤ ᠪᠠᠶᠢᠴᠠᠭᠠᠨ ᠰᠤᠲᠤᠯᠵᠠᠢ᠃

    ᠰᠢᠨ᠎ᠡ ᠪᠠᠷᠭᠤ ᠵᠡᠬᠦᠨ ᠬᠤᠰᠢᠭᠤ ᠪᠤᠯ ᠦᠪᠡᠷᠲᠡᠬᠡᠨ ᠵᠠᠰᠠᠬᠤ ᠤᠷᠤᠨ ᠤ ᠲᠡᠰ ᠤᠨ ᠶᠠᠲᠠᠭᠤ ᠬᠦᠴᠢᠷᠲᠡᠯᠲᠡᠢ ᠬᠤᠰᠢᠭᠤ ᠪᠤᠯᠤᠨ᠎ᠠ᠂ ᠲᠤᠬᠠᠢ ᠶᠢᠨ ᠭᠠᠵᠠᠷ ᠤᠨ ᠮᠠᠯᠴᠢᠳ ᠤᠨ ᠦᠢᠯᠡᠳᠪᠦᠷᠢᠯᠡᠯ ᠠᠮᠢᠲᠤᠷᠠᠯ ᠤᠨ ᠪᠠᠶᠢᠲᠠᠯ ᠬᠢᠷᠢ ᠵᠡᠷᠭᠡ ᠪᠠᠶᠢᠭ᠎ᠠ ᠪᠤᠯ ? ᠡᠨᠡ ᠲᠤᠬᠠᠢ ᠪᠦ᠋ ᠰᠢᠶᠤᠤ ᠯᠢᠨ ᠶᠡᠬᠡ ᠠᠩᠬᠠᠷᠴᠤ ᠪᠠᠶᠢᠯ᠎ᠠ᠃ ᠰᠢᠨᠡᠪᠤᠯᠠᠭ ᠰᠤᠮᠤ ᠶᠢᠨ ᠤᠯᠠᠭᠠᠨᠨᠠᠭᠤᠷ ᠭᠠᠴᠠᠭ᠎ᠠ ᠶᠢᠨ ᠮᠠᠯᠴᠢᠨ ᠰᠧᠷᠠᠩᠲᠤᠷᠵᠢ ᠪᠠ ᠭᠦᠨᠨᠠᠭᠤᠷ ᠭᠠᠴᠠᠭ᠎ᠠ ᠶᠢᠨ ᠮᠠᠯᠴᠢᠨ ᠡᠷᠳᠡᠨᠢᠪᠠᠭᠠᠲᠤᠷ ᠤᠨ ᠳ᠋ᠤ᠂ ᠪᠦ᠋ ᠰᠢᠶᠤᠤ ᠯᠢᠨ ᠭᠡᠷ ᠲᠤᠲᠤᠷᠠᠬᠢ ᠠᠮᠢᠲᠤᠷᠠᠯ ᠤᠨ ᠬᠡᠷᠡᠭᠰᠡᠯ ᠢ ᠨᠢ ᠨᠠᠷᠢᠨ ᠠᠵᠢᠬᠯᠠᠨ ᠦᠵᠡᠵᠦ᠂ ᠲᠡᠲᠡᠨ ᠤ ᠦᠢᠯᠡᠳᠪᠦᠷᠢᠯᠡᠯ ᠠᠮᠢᠲᠤᠷᠠᠯ ᠵᠢᠴᠢ ᠲᠤᠬᠠᠢ ᠶᠢᠨ ᠭᠠᠵᠠᠷ ᠤᠨ ᠬᠠᠪᠰᠤᠷᠴᠤ ᠲᠡᠳᠬᠦᠭ᠍ᠰᠡᠨ ᠪᠠᠶᠢᠲᠠᠯ ᠢ ᠤᠶᠢᠯᠠᠭᠠᠵᠠᠢ᠃ ᠲᠤᠰ ᠬᠤᠶᠠᠷ ᠡᠷᠦᠬᠡ ᠪᠤᠯ ᠴᠦᠮ ᠳᠠᠨᠭᠰᠠᠯᠠᠭᠤᠯᠵᠤ ᠺᠠᠷᠲ᠋ᠯᠠᠭᠤᠯᠤᠬᠰᠠᠨ ᠶᠠᠳᠠᠭᠤ ᠬᠦᠴᠢᠷᠳᠡᠯᠳᠠᠢ ᠡᠷᠦᠭᠡ ᠂ ᠡᠯ᠎ᠠ ᠲᠠᠯ᠎ᠠ ᠶᠢᠨ ᠬᠢᠨ ᠤ ᠬᠠᠯᠠᠮᠵᠢᠯᠠᠯ ᠳᠡᠮᠵᠢᠯᠭᠡ ᠪᠠᠷ ᠤᠳᠤ ᠴᠦᠮ ᠶᠠᠳᠠᠭᠤ ᠠᠴᠠ ᠪᠡᠨ ᠠᠩᠬᠢᠵᠢᠷᠠᠭᠰᠠᠨ ᠢ ᠰᠤᠨᠤᠰᠤᠭᠠᠳ ᠪᠦ᠋ ᠰᠢᠶᠤᠤ ᠯᠢᠨ ᠮᠠᠰᠢ ᠪᠠᠶᠠᠷᠯᠠᠪᠠ᠃ ᠪᠦ᠋ ᠰᠢᠶᠤᠤ ᠯᠢᠨ ᠵᠢᠭᠠᠬᠤ ᠳᠠᠭᠠᠨ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠪᠤᠯ ᠴᠢᠨᠡᠭᠡᠯᠢᠭ᠌ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠶᠢᠨ ᠬᠤᠷᠢᠭ᠎ᠠ ᠱᠤᠭᠤᠮ ᠤᠨ ᠡᠬᠦᠷᠭᠡ ᠮᠦᠨ᠂ ᠪᠢᠳᠡ ᠵᠠᠪᠡᠯ ᠠᠩᠬᠠᠷᠤᠯ  ᠢᠶᠠᠨ ᠨᠡᠩ ᠲᠦᠪᠯᠡᠷᠡᠬᠦᠯᠤᠨ ᠣᠨᠣᠪᠴᠢᠲᠠᠢ ᠠᠴᠠ ᠤᠨᠤᠪᠴᠢᠳᠠᠢ ᠪᠠᠶᠢᠵᠤ᠂ ᠬᠦᠴᠦ ᠪᠠᠨ ᠲᠦᠪᠯᠡᠷᠡᠬᠦᠯᠦᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠳᠤᠷ ᠬᠢᠵᠦ᠂ ᠮᠡᠰᠢ ᠣᠨᠣᠴᠠᠲᠠᠢ ᠪᠠᠷ ᠶᠠᠳᠠᠭᠤ ᠶᠢ ᠳᠡᠳᠬᠦᠬᠦ᠂ ᠮᠠᠰᠢ ᠤᠨᠤᠴᠠᠲᠠᠢ ᠪᠡᠷ ᠶᠠᠳᠠᠭᠤ ᠠᠴᠠ ᠠᠩᠬᠢᠵᠢᠷᠠᠭᠤᠯᠬᠤ ᠡᠯ᠎ᠠ ᠵᠤᠶᠢᠯ ᠤᠨ ᠲᠦᠷᠦ ᠶᠢᠨ ᠪᠤᠳᠤᠯᠭ᠎ᠠ ᠠᠷᠭ᠎ᠠ ᠭᠡᠮᠵᠢᠶ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠦ᠂ ᠶᠠᠳᠠᠭᠤ ᠬᠦᠴᠢᠷᠳᠡᠯᠳᠠᠢ ᠬᠦᠮᠦᠨ ᠠᠮᠠ ᠪᠠ ᠶᠠᠳᠠᠭᠤ ᠬᠦᠴᠢᠷᠳᠡᠯᠳᠠᠢ ᠭᠠᠵᠠᠷ ᠤᠷᠤᠨ ᠢ ᠪᠦᠬᠦ ᠤᠯᠤᠰ ᠲᠠᠢ ᠬᠠᠮᠳᠤᠪᠡᠷ ᠪᠦᠬᠦ ᠲᠠᠯ᠎ᠠ ᠪᠠᠷ ᠴᠢᠨᠡᠭᠡᠯᠢᠭ᠌ ᠨᠡᠶᠢᠭᠡᠮ ᠳᠤ ᠣᠷᠤᠭᠤᠯᠬᠤ ᠶᠢ ᠪᠠᠳᠤᠯᠠᠬᠤ ᠭᠡᠷᠡᠭᠲᠡᠢ ᠭᠡᠵᠡᠢ᠃      

    ᠪᠦ᠋ ᠰᠢᠶᠤᠤ ᠯᠢᠨ ᠪᠠᠰᠠ ᠬᠦᠯᠦᠨ ᠪᠤᠶᠢᠷ ᠬᠤᠳᠠ᠂ ᠰᠢᠨ᠎ᠠ ᠪᠠᠷᠭᠤ ᠵᠡᠬᠦᠨ ᠬᠤᠰᠢᠭᠤ ᠵᠢᠴᠢ ᠬᠤᠯᠪᠤᠭᠳᠠᠯ ᠪᠦᠬᠦᠢ ᠰᠤᠮᠤ᠂ ᠭᠠᠴᠠᠭ᠎ᠠ ᠶᠢᠨ ᠬᠠᠷᠢᠭᠤᠴᠠᠯᠭᠠᠳᠠᠨ ᠤ ᠮᠠᠯ ᠤᠨᠤᠭ᠎ᠠ ᠶᠢ ᠳᠡᠵᠢᠭᠡᠨ ᠦᠷᠡᠵᠢᠬᠦᠯᠬᠦ᠂ ᠨᠤᠳᠤᠭ ᠪᠡᠯᠴᠢᠭᠡᠷ ᠤᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ᠂ ᠠᠵᠤ ᠦᠢᠯᠡᠰ ᠤᠨ ᠬᠦᠭ᠍ᠵᠢᠯᠳᠠ ᠵᠢᠴᠢ ᠠᠷᠠᠳ ᠤᠨ ᠠᠮᠢᠳᠤᠷᠠᠯ ᠤᠨ ᠪᠠᠳᠤᠯᠠᠭ᠎ᠠ ᠵᠡᠷᠭᠡ ᠲᠡᠯ᠎ᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠴᠠᠢ᠃

    ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠲᠤᠬᠠᠢ ᠶᠢᠨ ᠭᠠᠵᠠᠷ ᠤᠨ ᠡᠬᠢ ᠪᠠᠶᠠᠯᠢᠭ ᠤᠨ ᠲᠠᠪᠠᠭᠤᠯᠢᠭ ᠢ ᠬᠦᠢᠴᠡᠳ ᠪᠠᠳᠠᠷᠠᠭᠤᠯᠵᠦ᠂ ᠤᠯᠤᠰ ᠪᠠ ᠦᠪᠡᠷᠲᠡᠭᠡᠨ ᠵᠠᠰᠠᠬᠤ ᠤᠷᠤᠨ ᠤ ᠮᠠᠯᠵᠢᠬᠤ ᠤᠷᠤᠨ ᠤ ᠬᠦᠭ᠍ᠵᠢᠯᠳᠠ ᠶᠢ ᠳᠡᠳᠬᠦᠨ ᠳᠡᠮᠵᠢᠬᠦ᠂ ᠮᠠᠯᠴᠢᠳ ᠤᠨ ᠤᠷᠤᠯᠭ᠎ᠠ ᠶᠢᠨ ᠨᠡᠮᠡᠭᠳᠡᠯ ᠢ ᠠᠬᠢᠭᠤᠯᠬᠤ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠦ᠂ ᠮᠠᠯᠵᠢᠬᠤ ᠤᠷᠤᠨ ᠪᠠ ᠮᠠᠯᠴᠢᠳ ᠤᠨ ᠲᠤᠰ ᠪᠡᠶ᠎ᠠ ᠶᠢᠨ ᠬᠦᠭ᠍ᠵᠢᠯᠳᠠ ᠶᠢᠨ ᠴᠢᠳᠠᠪᠤᠷᠢ ᠶᠢ ᠳᠠᠰᠤᠷᠠᠯᠳᠠ ᠦᠭᠡᠢ ᠲᠠᠬᠡᠭ᠍ᠰᠢᠯᠡᠬᠦᠯᠦᠨ ᠮᠠᠯᠵᠢᠬᠤ ᠤᠷᠤᠨ ᠤ ᠠᠵᠤ ᠠᠬᠤᠢ ᠨᠡᠶᠢᠭᠡᠮ ᠤᠨ ᠦᠷᠬᠦᠯᠵᠢᠯᠡᠨ ᠡᠷᠡᠬᠦᠯ ᠢᠶᠠᠷ ᠬᠦᠭ᠍ᠵᠢᠬᠦ ᠶᠢ ᠠᠬᠢᠭᠤᠯᠬᠤ ᠭᠡᠷᠡᠭᠲᠡᠢ ᠭᠡᠵᠠᠢ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122168150