蒙古文网站Logo
ᠰᠢᠨᠬᠤᠸᠠ ᠮᠤᠩᠭ᠋ᠤᠯ ᠨᠧᠲ

ᠯᠢ ᠵᠢᠢ ᠡᠾᠸᠡᠭ ᠪᠦ᠋ ᠰᠢᠶᠤᠤ ᠯᠢᠨ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠳᠤ ᠰᠢᠨ᠎ᠡ ᠵᠢᠯ ᠤᠨ ᠢᠷᠦᠭᠡᠯ ᠬᠠᠶᠢᠷᠠᠯᠠᠪᠠ

2018-01-03 17:40

    ᠡᠯᠪᠡᠭ᠌ ᠬᠤᠷᠢᠶᠡᠯᠳᠡ ᠶᠢᠨ ᠪᠠᠶᠠᠷ ᠪᠠᠬᠠᠳᠤᠯ ᠢ ᠲᠠᠭᠠᠯᠳᠤᠨ᠂ ᠤᠷᠤᠭᠰᠢᠯᠠᠨ ᠲᠠᠪᠰᠢᠬᠤ ᠤᠮᠤᠬᠰᠢᠯᠳᠤ ᠰᠡᠳᠬᠢᠯᠬᠡ ᠶᠢ ᠡᠪᠤᠷᠯᠡᠨ᠂ ᠪᠢᠳᠡ 2018 ᠤᠨ ᠤ ᠰᠢᠨ᠎ᠡ ᠵᠢᠯ ᠢᠶᠠᠨ ᠤᠬᠳᠤᠨ ᠠᠪᠬᠤ ᠪᠤᠯᠤᠯ᠎ᠠ᠃ ᠡᠨᠡᠬᠦ ᠬᠠᠭᠤᠴᠢᠨ ᠵᠢᠯ ᠢᠶᠠᠨ ᠦᠳᠡᠵᠥ ᠰᠢᠨ᠎ᠡ ᠵᠢᠯ ᠢᠶᠠᠨ ᠤᠬᠳᠤᠵᠥ ᠪᠠᠶᠢᠭ᠎ᠠ ᠰᠠᠶᠢᠨ ᠰᠠᠶᠢᠬᠠᠨ ᠴᠠᠭ ᠮᠦᠴᠡ ᠳᠤ᠂ ᠪᠢᠳᠡ ᠦᠪᠤᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠮᠤᠨ᠎ᠡ ᠠᠴᠠ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠳᠤ᠂ ᠮᠠᠨ ᠤ ᠤᠷᠤᠨ ᠳᠤ ᠰᠠᠭᠤᠭ᠎ᠠ ᠴᠡᠷᠢᠭ ᠠᠩᠬᠢ ᠶᠢᠨ ᠵᠢᠯᠤᠭᠤᠳᠤᠭᠴᠢ ᠪᠠᠶᠢᠯᠳᠤᠭᠴᠢ᠂ ᠵᠡᠪᠰᠡᠭᠳᠤ ᠴᠠᠭᠳᠠᠭ᠎ᠠ ᠶᠢᠨ ᠲᠠᠷᠤᠭ᠎ᠠ ᠪᠠᠶᠢᠯᠳᠤᠭᠴᠢ ᠪᠤᠯᠤᠨ ᠲᠤᠳᠤᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠲᠤ᠂ ᠡᠯ᠎ᠡ ᠠᠷᠠᠳᠴᠢᠯᠠᠭᠰᠠᠠ ᠨᠠᠮ ᠪᠦᠯᠥᠭ᠂ ᠦᠢᠯᠡᠳᠪᠤᠷᠢ ᠬᠤᠳᠠᠯᠳᠤᠭ᠎ᠠ ᠶᠢᠨ ᠬᠤᠯᠪᠤᠭ᠎ᠠ ᠪᠤᠯᠤᠨ ᠨᠠᠮ ᠪᠦᠯᠥᠭ ᠤᠨ ᠪᠤᠰᠤ ᠬᠦᠮᠥᠰ ᠲᠤ᠂ ᠦᠪᠤᠷ ᠮᠤᠩᠭ᠋ᠤᠯ ᠤᠨ ᠬᠦᠭ᠍ᠵᠢᠯᠳᠡ ᠶᠢ ᠬᠠᠯᠠᠮᠵᠢᠯᠠᠨ ᠲᠡᠮᠵᠢᠭᠰᠡᠨ ᠤᠯᠤᠰ ᠤᠨ ᠲᠤᠳᠤᠭᠠᠳᠤ ᠭᠠᠳᠠᠭᠠᠳᠤ ᠶᠢᠨ ᠪᠤᠢ ᠪᠦᠬᠦᠢ ᠨᠠᠶᠢᠵᠠ ᠨᠠᠷ ᠲᠤ ᠰᠢᠨ᠎ᠡ ᠵᠢᠯ ᠤᠨ ᠢᠷᠦᠭᠡᠯ ᠳᠡᠪᠰᠢᠬᠦᠯᠵᠤ ᠪᠠᠶᠢᠨ᠎ᠠ!     

    2017ᠤᠨ ᠪᠤᠯ ᠦᠪᠤᠷ ᠮᠤᠩᠭ᠋ᠤᠯ ᠤᠨ ᠬᠦᠭ᠍ᠵᠢᠯᠳᠡ ᠶᠢᠨ ᠲᠡᠤᠬᠡᠨ ᠳᠠᠬᠢ ᠲᠤᠩ ᠶᠠᠷᠤ ᠪᠤᠰᠤ ᠶᠢᠨ᠂ ᠮᠠᠷᠳᠠᠭᠳᠠᠰᠢ ᠦᠭᠡᠢ ᠨᠢᠬᠡ ᠵᠢᠯ ᠶᠤᠮ᠃ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠶᠢᠨ ᠪᠠᠳᠤ ᠴᠢᠩᠭ᠋᠎ᠠ ᠤᠳᠤᠷᠢᠳᠤᠯᠭ᠎ᠠ ᠲᠤᠤᠷ᠎ᠠ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠦᠭᠤᠳᠤᠮᠵᠢ ᠲᠤᠤᠷ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠢ ᠲᠠᠭᠠᠭᠤᠯᠤᠨ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠥ ᠪᠦᠯᠬᠦᠮᠳᠡᠨ ᠲᠡᠮᠡᠴᠡᠵᠥ᠂ ᠪᠡᠷᠭᠡ ᠶᠢ ᠲᠤᠭᠤᠯᠤᠨ ᠬᠦᠴᠢᠷ ᠢ ᠳᠠᠪᠠᠨ ᠡᠷᠡᠮᠡᠭᠡᠶᠢᠯᠡᠨ ᠤᠷᠤᠭᠰᠢᠯᠠᠵᠥ᠂ ᠠᠵᠥ ᠠᠬᠤᠢ ᠶᠢᠨ ᠪᠦᠳᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠤᠶᠤᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠪᠤᠯᠤᠨ ᠨᠠᠮ ᠤᠨ ᠪᠠᠶᠢᠭᠤᠯᠤᠯᠲᠠ ᠪᠦᠷ ᠰᠢᠨ᠎ᠡ ᠠᠬᠢᠴᠠ ᠲᠠᠢ ᠪᠤᠯᠵᠥ ᠰᠢᠨ᠎ᠡ ᠠᠮᠵᠢᠯᠳᠡ ᠤᠯᠪᠠ᠃ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠢ ᠤᠬᠳᠤᠬᠤ ᠪᠠ ᠤᠬᠠᠭᠤᠯᠤᠨ ᠲᠤᠤᠱᠯᠠᠭᠤᠯᠬᠤ ᠶᠢ ᠲᠡᠷᠢᠬᠦᠨ ᠴᠢᠬᠤᠯᠠ ᠤᠯᠤᠰ ᠲᠦᠷᠦ ᠶᠢᠨ ᠡᠬᠦᠷᠬᠡ ᠪᠤᠯᠭᠠᠵᠥ᠂ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠬᠤᠳᠠ ᠬᠦᠳᠡᠭᠡ ᠦᠨᠳᠦᠰᠦᠨ ᠱᠠᠳᠤᠨ ᠳᠤ ᠬᠦᠷᠬᠡᠬᠦ᠂ ᠲᠦᠮᠡᠨ ᠭᠠᠵᠠᠷ ᠤᠨ ᠲᠠᠯ᠎ᠠ ᠨᠤᠳᠤᠭ ᠲᠤ ᠤᠯᠠᠮᠵᠢᠯᠠᠬᠤ ᠶᠢ ᠠᠬᠢᠭᠤᠯᠵᠥ᠂ ᠪᠦᠬᠦ ᠤᠷᠤᠨ ᠤ ᠦᠷᠬᠡᠨ ᠤᠯᠠᠨ ᠨᠠᠮ ᠤᠨ ᠬᠡᠰᠢᠬᠦᠨ ᠺᠠᠳ᠋ᠷᠲᠦᠷᠪᠡᠨ ᠤᠬᠠᠮᠰᠠᠷᠪᠤᠯᠤᠨᠲᠦᠷᠪᠡᠨ ᠢᠳᠡᠬᠡᠯ》 ᠢ᠋ ᠤᠯᠠᠮ ᠢᠯᠡᠬᠦᠤ ᠪᠠᠳᠤ  ᠪᠤᠢ ᠪᠤᠯᠭᠠᠵᠥ᠂ ᠨᠡᠩ ᠡᠷᠡᠰ ᠪᠠᠳᠤ ᠪᠠᠷ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠲᠠᠢ ᠲᠡᠬᠡᠳᠤ ᠬᠡᠮᠵᠢᠶ᠎ᠡ ᠪᠠᠷ ᠨᠢᠭᠡᠳᠪᠡ᠃ ᠪᠢᠳᠡ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠪᠠᠨ ᠦᠪᠡᠳᠡᠭᠰᠢ ᠶᠡᠬᠡᠪᠡᠷ ᠪᠡᠯᠬᠡᠯᠡᠵᠥ᠂ ᠤᠯᠤᠰ ᠤᠨ ᠲᠤᠳᠤᠭᠠᠳᠤ ᠭᠠᠳᠠᠭᠠᠳᠤ ᠶᠢᠨ ᠬᠢᠨ ᠳᠤ ᠦᠪᠤᠷ ᠮᠤᠩᠭ᠋ᠤᠯ ᠤᠨ ᠦᠨᠳᠦᠰᠦᠳᠡᠨ ᠤ  ᠪᠦᠯᠬᠦᠮᠳᠡᠯ ᠲᠡᠪᠰᠢᠯᠳᠡ ᠶᠢᠨ ᠬᠡᠷᠡᠯ ᠰᠠᠴᠤᠷᠠᠩᠭ᠋ᠤᠢ ᠲᠡᠤᠬᠡᠨ ᠶᠠᠪᠤᠴᠠ ᠪᠤᠯᠤᠨ ᠠᠵᠥ ᠠᠬᠤᠢ ᠨᠡᠶᠢᠭᠡᠮ ᠤᠨ  ᠬᠦᠭ᠍ᠵᠢᠯᠳᠡ ᠶᠢᠨ ᠯᠤᠳᠤ ᠶᠡᠭᠡ ᠠᠮᠵᠢᠯᠳᠡ ᠶᠢ ᠬᠦᠢᠴᠡᠳ ᠦᠵᠡᠬᠦᠯᠵᠥ᠂ᠦᠵᠡᠰᠬᠦᠯᠡᠩᠳᠤ ᠰᠠᠶᠢᠬᠠᠨ ᠦᠪᠤᠷ ᠮᠤᠩᠭ᠋ᠤᠯ ᠢᠶᠠᠨ ᠪᠦᠳᠦᠭᠡᠨ ᠪᠠᠶᠢᠭᠤᠯᠵᠤ ᠠᠭᠤᠤ ᠶᠡᠭᠡ ᠲᠤᠮᠳᠠᠳᠤ ᠶᠢᠨ ᠵᠡᠬᠦᠳᠤ ᠪᠠᠨ ᠬᠠᠮᠳᠤᠪᠡᠷ ᠲᠡᠷᠭᠡᠯᠰᠢᠬᠦᠯᠬᠦ  ᠠᠤᠭ᠎ᠠ ᠬᠦᠴᠦᠨ ᠢ ᠤᠯᠠᠮ ᠴᠢᠨᠠᠭᠰᠢᠳᠠ ᠨᠢᠬᠳᠠᠷᠠᠭᠤᠯᠪᠠ᠃ ᠪᠢᠳᠡ ᠲᠤᠭᠳᠠᠭᠤᠨ ᠤ ᠲᠤᠮᠳᠡ ᠤᠷᠤᠭᠰᠢᠯᠠᠨ ᠲᠠᠪᠰᠢᠬᠤ ᠠᠵᠢᠯ ᠤᠨ ᠶᠡᠷᠤᠩᠬᠡᠢ ᠬᠦᠭ᠌ ᠠᠶᠠᠰ ᠢ ᠪᠠᠷᠢᠮᠳᠠᠯᠠᠨ ᠰᠢᠨ᠎ᠡ ᠬᠦᠭ᠍ᠵᠢᠯᠳᠡ ᠶᠢᠨ ᠤᠨᠤᠯᠵᠢᠬᠤᠨ ᠢ ᠲᠤᠤᠱᠯᠠᠭᠤᠯᠵᠥ᠂ ᠬᠠᠩᠭ᠋ᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠬᠡᠢ ᠠᠬᠢᠭᠤᠯᠵᠥ᠂ ᠬᠦᠭ᠍ᠵᠢᠯᠳᠡ ᠶᠢᠨ ᠰᠢᠨ᠎ᠡ ᠬᠦᠳᠡᠯᠬᠡᠬᠦ ᠴᠢᠳᠠᠪᠤᠷᠢ ᠶᠢ ᠲᠦᠷᠬᠡᠨ ᠪᠤᠶᠢᠵᠢᠭᠤᠯᠵᠤ᠂ ᠪᠦᠬᠦ ᠤᠷᠤᠨ ᠤ ᠠᠵᠥ ᠠᠬᠤᠢ ᠶᠢᠨ ᠬᠦᠭ᠍ᠵᠢᠯᠳᠡ ᠨᠡᠩ ᠴᠢᠨᠠᠷ ᠰᠠᠶᠢᠲᠠᠢ᠂ ᠨᠡᠩ ᠦᠷ᠎ᠡ ᠪᠦᠳᠦᠮᠵᠢᠳᠡᠢ᠂ ᠨᠡᠩ ᠡᠷᠬᠡ ᠲᠡᠭᠰᠢ᠂ ᠨᠡᠩ ᠦᠷᠬᠦᠯᠵᠢᠯᠡᠬᠦ ᠴᠢᠭᠯᠡᠯ ᠢᠶᠠᠷ ᠢᠳᠡᠷᠬᠡᠭ᠌ ᠠᠯᠬᠤᠮ ᠢ ᠠᠯᠬᠤᠪᠠ᠃ ᠪᠢᠳᠡ ᠠᠷᠠᠳ ᠲᠦᠮᠡᠨ ᠢᠶᠠᠷ ᠭᠤᠤᠯ ᠪᠤᠯᠭᠠᠬᠤ ᠬᠦᠭ᠍ᠵᠢᠯᠳᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠬᠡᠵᠢᠬᠦᠯᠵᠥ᠂ ᠠᠷᠠᠳ ᠤᠨ ᠠᠮᠢᠳᠤᠷᠠᠯ ᠢ ᠰᠠᠨᠠᠭᠠᠴᠢᠯᠠᠭ᠎ᠠ ᠲᠠᠢ ᠬᠦᠴᠦᠳᠡᠢ ᠪᠠᠳᠤᠯᠠᠨ ᠰᠠᠶᠢᠵᠢᠷᠠᠭᠤᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠨᠡᠯᠢᠶᠡᠳ ᠲᠦᠷᠬᠡᠨ ᠨᠡᠮᠡᠭᠳᠡᠵᠥ᠂ ᠵᠢᠱᠢᠯᠳᠡ ᠪᠠᠷ 20 ᠲᠦᠮᠡᠨ ᠶᠠᠳᠠᠭᠤ ᠬᠦᠴᠢᠷᠳᠡᠯᠳᠡᠢ ᠬᠦᠮᠥᠨ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠡᠵᠥ᠂ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠬᠦᠭ᠍ᠵᠢᠵᠤ᠂ ᠨᠡᠶᠢᠭᠡᠮ ᠤᠨ ᠪᠠᠳᠤᠯᠠᠪᠤᠷᠢ ᠶᠢᠨ ᠲᠦᠪᠰᠢᠨ ᠲᠤᠭᠳᠠᠭᠤᠨ ᠢᠶᠠᠷ ᠲᠡᠬᠡᠭ᠍ᠰᠢᠯᠡᠵᠥ᠂ ᠨᠡᠶᠢᠭᠡᠮ ᠤᠨ ᠶᠡᠭᠡ ᠲᠠᠯ᠎ᠠ ᠡᠶ᠎ᠡ ᠵᠤᠬᠢᠴᠠᠩᠭ᠋ᠤᠢ ᠲᠤᠭᠳᠠᠭᠤᠨ ᠪᠠᠶᠢᠵᠤ᠂ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠰᠤᠷᠠᠯᠳᠡ ᠦᠭᠡᠢ ᠲᠡᠭᠡᠭ᠍ᠰᠢᠯᠡᠪᠡ᠃ ᠪᠢᠳᠡ ᠪᠦᠬᠦ ᠲᠠᠯ᠎ᠠ ᠪᠠᠷ ᠨᠠᠮ ᠢ ᠴᠢᠩᠭ᠋᠎ᠠ ᠵᠠᠰᠠᠬᠤ ᠠᠵᠢᠯ ᠢ ᠡᠬᠦᠷᠢᠳᠡ ᠦᠯᠦ ᠵᠤᠭᠰᠤᠬᠤ ᠰᠡᠷᠭᠡᠭ᠌ ᠴᠢᠨᠠᠷ ᠪᠤᠯᠤᠨ ᠪᠠᠳᠤ ᠢᠳᠡᠬᠡᠯ ᠲᠠᠢ ᠪᠠᠷ ᠴᠢᠩᠭ᠋᠎ᠠ  ᠠᠳᠬᠤᠵᠤ᠂ ᠲᠦᠪ ᠤᠨ ᠲᠤᠭᠤᠷᠢᠨ ᠪᠠᠶᠢᠴᠠᠭᠠᠵᠤᠡᠷᠭᠢᠵᠤ ᠬᠠᠷᠠᠭᠰᠠᠨᠬᠠᠷᠢᠭᠤ ᠳᠤᠰᠬᠠᠭᠰᠠᠨ ᠰᠠᠨᠠᠯ ᠶᠤᠰᠤᠭᠠᠷ ᠴᠡᠭᠴᠡᠯᠡᠨ ᠵᠠᠰᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠰᠤᠷᠳᠠᠯ ᠢ ᠵᠠᠰᠠᠵᠤ ᠰᠠᠬᠢᠯᠭ᠎ᠠ  ᠪᠠᠲᠦ ᠶᠢ ᠴᠢᠩᠳᠠᠯᠠᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠲᠠᠰᠤᠷᠠᠯᠳᠠ ᠦᠭᠡᠢ ᠳᠡᠭᠡᠭ᠍ᠰᠢᠯᠡᠵᠤ᠂ ᠪᠦᠬᠦ ᠤᠷᠤᠨ ᠤ ᠤᠯᠤᠰ ᠲᠦᠷᠦ ᠶᠢᠨ ᠠᠮᠢ ᠠᠬᠤᠢ ᠦᠷᠬᠦᠯᠵᠢᠯᠡᠨ ᠰᠠᠶᠢᠵᠢᠷᠠᠵᠠᠢ᠃    

    ᠡᠳᠡᠭᠡᠷ ᠠᠮᠵᠢᠯᠳᠠ ᠶᠢ ᠤᠯᠤᠭᠰᠠ ᠶᠠᠪᠤᠳᠠᠯ ᠪᠤᠯ ᠰᠢ ᠶᠢᠨ ᠫᠢᠡᠭ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠡᠷᠡᠰ ᠴᠢᠩᠭ᠋᠎ᠠ ᠤᠳᠤᠷᠢᠳᠤᠯᠭ᠎ᠠ᠂ ᠳᠤᠳᠤᠨᠤ ᠬᠠᠯᠠᠮᠵᠢᠯᠠᠯ ᠤᠨ ᠦᠷ᠎ᠡ ᠳ᠋ᠦᠩ ᠮᠦᠨ᠂ ᠪᠠᠰᠠ ᠴᠤ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠳᠤᠳᠬᠠᠵᠤ᠂ ᠦᠨᠡᠨ ᠪᠤᠳᠠᠳᠠᠢ ᠠᠵᠢᠯᠯᠠᠭᠰᠠᠨ ᠤ ᠦᠷ᠎ᠠ ᠳ᠋ᠦᠩ ᠮᠦᠨ᠃ ᠡᠭᠦᠨ ᠤ ᠬᠠᠮᠲᠦ ᠪᠢᠳᠡ ᠪᠠᠰᠠ ᠮᠠᠨ ᠤ ᠤᠷᠤᠨ ᠤ ᠬᠦᠭ᠍ᠵᠢᠯᠳᠡ ᠳᠤ ᠮᠠᠰᠢ ᠤᠯᠠᠨ ᠬᠦᠴᠢᠷ ᠠᠰᠠᠭᠤᠳᠠᠯ ᠤᠷᠤᠰᠢᠵᠤ᠂ ᠤᠷᠤᠭᠰᠢᠯᠠᠯᠳᠠ ᠶᠢᠨ ᠵᠠᠮ ᠳᠤ ᠮᠠᠰᠢ ᠤᠯᠠᠨ ᠠᠶᠤᠯ ᠲᠦᠭᠰᠢᠭᠦᠷᠢ ᠪᠤᠯᠤᠨ ᠦᠷᠢᠰᠦᠯᠳᠦᠭᠡᠨ ᠲᠤᠯᠭᠠᠷᠠᠵᠤ᠂ ᠮᠠᠨ ᠤ ᠠᠵᠢᠯ ᠳᠤ ᠪᠠᠰᠠ ᠮᠠᠰᠢ ᠤᠯᠠᠨ ᠰᠠᠶᠢᠨ ᠬᠢᠵᠤ ᠳᠡᠶᠢᠯᠦᠭᠡᠳᠦᠢ ᠵᠦᠢᠯ ᠪᠠᠶᠢᠬᠤ ᠶᠢ ᠰᠡᠷᠬᠡᠭ᠌ ᠢᠶᠠᠷ ᠲᠠᠨᠢᠵᠤ᠂ ᠡᠷᠬᠡᠪᠰᠢ ᠪᠠᠶᠢᠯᠳᠤᠬᠤ ᠪᠤᠳᠤᠯᠭ᠎ᠠ ᠶᠢᠨ ᠲᠤᠭᠳᠠᠯ ᠬᠦᠴᠦ ᠪᠤᠯᠤᠨ ᠬᠤᠷᠴᠠ ᠰᠡᠷᠭᠡᠭ᠌ ᠤᠶᠤᠨ ᠰᠠᠨᠠᠭ᠎ᠠ ᠲᠠᠢ ᠪᠠᠶᠢᠵᠤ᠂ ᠨᠡᠩ ᠰᠢᠷᠭᠠᠭᠤ ᠴᠢᠷᠮᠠᠶᠢᠯᠭ᠎ᠠ ᠭᠠᠷᠭᠠᠬᠤ ᠬᠡᠷᠡᠭᠲᠠᠢ᠃    

    ᠰᠢᠨ᠎ᠠ ᠵᠢᠯ ᠳᠤ᠂ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ  ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ  ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠲᠤᠭᠳᠠᠭᠤᠨ ᠤ ᠳᠤᠮᠳᠠ  ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ᠌ ᠠᠶᠠᠰ ᠢ ᠪᠠᠷᠢᠮᠳᠠᠯᠠᠨ ᠰᠢᠨ᠎ᠠ ᠬᠦᠭ᠍ᠵᠢᠯᠳᠡ ᠶᠢᠨ ᠤᠨᠤᠯᠵᠢᠬᠤᠨ ᠢ ᠪᠠᠷᠢᠮᠳᠠᠯᠠᠵᠤ᠂ ᠴᠢᠨᠠᠷ ᠰᠠᠶᠢᠲᠠᠢ ᠬᠦᠭ᠍ᠵᠢᠯᠳᠡ ᠶᠢ ᠠᠬᠢᠭᠤᠯᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠵᠤ᠂ᠲᠠᠪᠤ ᠶᠢ ᠨᠢᠭᠡ ᠴᠤᠭᠴᠠᠵᠢᠭᠤᠯᠬᠤᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠳᠠᠢ  ᠲᠦᠯᠦᠪᠵᠢᠭᠦᠯᠦᠨ ᠠᠬᠢᠭᠤᠯᠵᠤ᠂ᠳᠦᠷᠪᠡᠨ ᠪᠦᠬᠦ ᠲᠠᠯ᠎ᠠᠶ᠋ᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠩᠭ᠋ᠤᠢ ᠠᠬᠢᠭᠤᠯᠵᠤ᠂ ᠬᠠᠩᠭ᠋ᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠳᠡ ᠶᠢ ᠬᠦᠨᠵᠡᠭᠡᠶᠢᠷᠡᠬᠦᠯᠵᠤ᠂ ᠨᠡᠮᠡᠭᠳᠡᠯ ᠢ ᠲᠤᠭᠳᠠᠭᠤᠨ ᠪᠠᠶᠢᠯᠭᠠᠬᠤ᠂ ᠦᠭᠡᠷᠡᠴᠢᠯᠡᠯᠳᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠲᠤ ᠠᠰᠢᠭ ᠬᠦᠷᠳᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠠ ᠵᠦᠢᠯ ᠤᠨ ᠠᠵᠢᠯ ᠢ ᠨᠢᠭᠡᠳᠦᠯᠳᠠᠢ ᠲᠦᠯᠦᠪᠵᠢᠭᠦᠯᠦᠨ ᠰᠠᠶᠢᠲᠤᠷ ᠬᠢᠵᠤ᠂ ᠬᠦᠨᠳᠤ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ᠂ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠪᠤᠬᠢᠷᠳᠤᠯ ᠢ  ᠰᠡᠷᠭᠡᠶᠢᠯᠡᠨ ᠵᠠᠰᠠᠬᠤ ᠭᠤᠷᠪᠠᠨ ᠶᠡᠭᠡ ᠪᠤᠭᠤᠮᠳᠠ ᠰᠢᠪᠲᠤᠯᠤᠯᠲᠠ ᠶᠢ ᠵᠠᠪᠠᠯ ᠰᠠᠶᠢᠨ ᠬᠢᠵᠤ᠂ ᠦᠭᠡᠷᠡᠴᠢᠯᠡᠯᠳᠡ  ᠨᠡᠬᠡᠬᠡᠯᠳᠡ ᠶᠢ ᠶᠡᠬᠡᠪᠡᠷ ᠠᠬᠢᠭᠤᠯᠵᠤ᠂ ᠰᠢᠨ᠎ᠠ ᠴᠠᠭ ᠦᠶ᠎ᠠ ᠳᠤ ᠰᠢᠨ᠎ᠠ ᠵᠢᠳᠭᠦᠯ ᠴᠢᠷᠮᠠᠶᠢᠯᠭ᠎ᠠ ᠭᠠᠷᠭᠠᠨ ᠰᠢᠨ᠎ᠠ ᠠᠮᠵᠢᠯᠳᠠ ᠪᠦᠳᠦᠮᠵᠢ ᠤᠯᠵᠤ ᠰᠢᠨ᠎ᠠ ᠪᠠᠶᠢᠳᠠᠯ ᠢ ᠨᠡᠭᠡᠭᠡᠨ ᠡᠭᠦᠳᠦᠨ᠎ᠡ᠃      

    ᠲᠦᠮᠡᠨ ᠬᠡᠷᠡᠭ ᠮᠢᠩᠭ᠋ᠠᠨ ᠶᠠᠪᠤᠳᠠᠯ ᠳᠤ ᠠᠷᠠᠳ ᠤᠨ ᠠᠮᠢᠳᠤᠷᠠᠯ ᠲᠡᠷᠢᠭᠦᠨ ᠴᠢᠬᠤᠯᠠ ᠪᠤᠯᠠᠢ᠃ ᠪᠢᠳᠡ ᠬᠦᠭ᠍ᠵᠢᠯᠳᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠳᠠᠯᠠᠵᠤ᠂ ᠠᠷᠠᠳ ᠤᠯᠠᠨ ᠤ ᠬᠠᠯᠠᠮᠵᠢᠯᠠᠵᠤ ᠪᠠᠶᠢᠭ᠎ᠠ ᠠᠰᠠᠭᠤᠳᠠᠯ ᠠᠴᠠ ᠭᠠᠷᠳᠠᠨ ᠬᠢᠵᠤ᠂ ᠠᠷᠠᠳ ᠲᠦᠮᠡᠨ ᠳᠤ ᠲᠠᠭᠠᠰᠢᠶᠠᠭᠳᠠᠬᠤ ᠶᠠᠪᠤᠳᠠᠯ ᠠᠴᠠ ᠡᠬᠢᠯᠡᠨ ᠬᠢᠵᠤ᠂ ᠠᠷᠠᠳ ᠲᠦᠮᠡᠨ ᠤ ᠡᠳᠦᠷ ᠢᠷᠡᠬᠦᠶ᠎ᠠ ᠨᠡᠮᠡᠭᠳᠡᠵᠤ ᠪᠠᠶᠢᠭ᠎ᠠ ᠰᠠᠶᠢᠨ ᠰᠠᠶᠢᠬᠠᠨ  ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭ᠋ᠠᠵᠤ᠂ ᠨᠡᠶᠢᠭᠡᠮ ᠤᠨ ᠡᠷᠬᠡ ᠲᠡᠭᠰᠢ ᠲᠦᠪ ᠭᠤᠤᠯᠴᠢ ᠶᠢ ᠲᠠᠰᠤᠷᠠᠯᠳᠠ ᠦᠭᠡᠢ ᠠᠬᠢᠭᠤᠯᠵᠤ᠂ ᠠᠷᠠᠳ ᠲᠦᠮᠡᠨ ᠤ ᠠᠮᠢᠳᠤᠷᠠᠯ ᠢ ᠵᠢᠯ ᠠᠴᠠ ᠵᠢᠯ ᠰᠠᠶᠢᠵᠢᠷᠠᠭᠤᠯᠤᠨ᠎ᠠ᠃ ᠪᠤᠳᠠᠳᠠᠢ ᠠᠵᠢᠯᠯᠠᠪᠠᠯ ᠬᠦᠰᠡᠯ ᠵᠡᠭᠦᠳᠦ ᠪᠠᠨ ᠪᠡᠶᠡᠯᠡᠭᠦᠯᠵᠤ᠂ ᠴᠢᠷᠮᠠᠶᠢᠨ ᠲᠡᠮᠡᠴᠡᠪᠡᠯ ᠢᠷᠡᠭᠡᠳᠦᠢ ᠶᠢᠨ ᠠᠮᠵᠢᠯᠳᠠ ᠶᠢ ᠤᠯᠵᠤ ᠴᠢᠳᠠᠨ᠎ᠠ᠃ ᠪᠢᠳᠡ ᠭᠠᠷ ᠬᠤᠯᠪᠤᠨ ᠤᠷᠤᠭᠰᠢᠯᠠᠵᠤ᠂ ᠴᠦᠬᠦᠷᠡᠰᠢ ᠦᠭᠡᠢ ᠴᠢᠷᠮᠠᠶᠢᠬᠤ ᠵᠤᠷᠢᠭ ᠰᠠᠨᠠᠭᠠᠨ ᠤ ᠳᠦᠷᠢ ᠪᠠᠶᠢᠳᠠᠯ ᠪᠤᠯᠤᠨ ᠴᠤᠴᠠᠯᠳᠠ ᠦᠭᠡᠢ ᠲᠡᠮᠡᠴᠡᠬᠦ ᠳᠦᠷᠢ ᠳᠦᠷᠬᠦ ᠪᠠᠷ ᠡᠳᠦᠷ ᠪᠦᠷᠢ ᠰᠠᠶᠢᠨ ᠠᠵᠢᠯᠯᠠᠵᠤ᠂ ᠶᠠᠪᠤᠳᠠᠯ ᠨᠢᠭᠡᠪᠦᠷᠢ ᠶᠢ ᠯᠠᠪᠳᠠᠭᠤᠨ ᠬᠢᠵᠤ᠂ ᠡᠬᠡ ᠤᠯᠤᠰ ᠤᠨ ᠤᠮᠠᠷᠠᠳᠦ ᠶᠢᠨ ᠡᠨᠡᠬᠦ ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠳᠤ ᠰᠠᠶᠢᠬᠠᠨ ᠪᠤᠯᠭᠠᠵᠤ ᠴᠤᠭᠴᠠᠯᠠᠰᠤᠭᠠᠢ᠃      

    ᠠᠭᠤᠤ ᠶᠡᠭᠡ ᠡᠬᠡ ᠤᠯᠤᠰ ᠮᠢᠨᠢ ᠬᠦᠭ᠍ᠵᠢᠨ ᠴᠡᠴᠡᠭᠯᠡᠬᠦ ᠶᠢ ᠬᠦᠰᠡᠨ ᠵᠦᠩᠨᠡᠶ᠎ᠠ!    

    ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠵᠤᠯ ᠵᠢᠷᠭᠠᠯᠲᠠᠢ ᠠᠮᠤᠷ ᠠᠮᠤᠭᠤᠯᠠᠩ ᠪᠠᠶᠢᠬᠤ ᠶᠢ ᠬᠦᠰᠡᠨ ᠵᠦᠡᠭᠨᠡᠶ᠎ᠡ!

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122205729