蒙古文网站Logo
ᠰᠢᠨᠬᠤᠸᠠ ᠮᠤᠩᠭ᠋ᠤᠯ ᠨᠧᠲ

ᠦᠪᠦᠷ ᠮᠤᠨᠭᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ 109 ᠳ᠋ᠤᠭᠡᠷ ᠤᠳᠠᠭ᠎ᠠ ᠶᠢᠨ ᠡᠷᠬᠢᠯᠡᠭᠴᠢᠳ ᠤᠨ ᠬᠤᠷᠠᠯ ᠬᠤᠷᠠᠯᠳᠤᠭᠤᠯᠪᠠ

2018-01-10 15:30

    1 ᠳ᠋ᠤᠭᠡᠷ ᠰᠠᠷ᠎ᠠ ᠶᠢᠨ 8 ᠤ᠋ ᠡᠳᠦᠷ᠂ ᠦᠪᠦᠷ ᠮᠤᠨᠭᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ 109 ᠳ᠋ᠤᠭᠡᠷ ᠤᠳᠠᠭ᠎ᠠ ᠶᠢᠨ ᠡᠷᠬᠢᠯᠡᠭᠴᠢᠳ ᠤᠨ ᠬᠤᠷᠠᠯ ᠬᠤᠷᠠᠯᠳᠤᠭᠤᠯᠵᠦ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠤᠴᠢᠨ ᠲᠤᠯᠤᠳᠤᠭᠠᠷ ᠬᠤᠷᠠᠯ ᠢ 1 ᠳ᠋ᠤᠭᠡᠷ ᠰᠠᠷ᠎ᠠ ᠶᠢᠨ 17 ᠤ᠋ ᠡᠳᠦᠷ ᠬᠦᠬᠡᠬᠤᠳᠠ ᠳᠤ ᠬᠤᠷᠠᠯᠳᠤᠭᠤᠯᠬᠤ ᠪᠠᠷ ᠲᠤᠬᠳᠠᠪᠠ᠃

    ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠤᠴᠢᠨ ᠲᠤᠯᠤᠳᠤᠭᠠᠷ ᠬᠤᠷᠠᠯ ᠤᠨ ᠰᠠᠨᠠᠭᠤᠯᠭ᠎ᠠ ᠶᠢᠨ ᠵᠦᠪᠯᠡᠭᠦ ᠵᠦᠢᠯᠡᠰ ᠢ ᠪᠠᠳᠤᠯᠠᠪᠠ᠄ 《ᠦᠪᠤᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠳᠡ(ᠨᠤᠤᠷᠠᠬ)》᠂《ᠦᠪᠤᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ  ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠭᠰᠠᠨ ᠲᠤᠬᠠᠢ ᠦᠪᠤᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ  ᠶᠢᠨ ᠬᠤᠷᠢᠶ᠎ᠠ ᠶᠢᠨ ᠲᠦᠯᠦᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠬᠤ ᠵᠦᠪᠯᠡᠯ ᠤᠨ ᠮᠡᠳᠡᠭᠦᠯᠦᠯᠳᠡ (ᠲᠦᠰᠦᠯ )》ᠶ᠋ᠢ ᠬᠢᠨᠠᠨ ᠵᠦᠪᠯᠡᠨ᠎ᠠ; 2017 ᠣᠨ ᠤ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ ᠲᠦᠰᠦᠪ ᠲᠤ ᠲᠤᠬᠢᠷᠠᠭᠤᠯᠤᠯᠳᠠ ᠬᠢᠬᠦ ᠲᠦᠰᠦᠯ ᠤᠨ ᠲᠤᠬᠠᠢ ᠮᠡᠳᠡᠭᠦᠯᠦᠯᠳᠡ ᠶᠢ ᠬᠢᠨᠠᠨ ᠵᠦᠪᠯᠡᠨ᠎ᠠ; ᠦᠪᠤᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠣᠭᠠᠷ ᠬᠤᠷᠠᠯ ᠤᠨ ᠵᠦᠪᠯᠡᠭᠦ ᠵᠦᠢᠯ᠂ ᠡᠳᠦᠷ ᠤᠨ ᠲᠠᠷᠠᠭᠠᠯᠠᠯ᠂ ᠲᠡᠷᠢᠭᠦᠯᠡᠭᠴᠢᠳ ᠤᠨ ᠪᠦᠯᠭᠦᠮ ᠪᠠ ᠨᠠᠷᠢᠨ ᠪᠢᠴᠢᠭ᠌ ᠤᠨ ᠲᠠᠷᠤᠭ᠎ᠠ ᠶᠢᠨ ᠨᠡᠷᠡᠰ᠂ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢᠳ ᠤᠨ ᠨᠡᠷᠡᠰ᠂ ᠭᠦᠢᠴᠡᠳᠭᠡᠭᠦ ᠲᠡᠷᠢᠭᠦᠯᠡᠭᠴᠢᠳ ᠤᠨ ᠲᠤᠭᠤᠢᠢᠯᠠᠩ ᠬᠤᠪᠢᠶᠠᠬᠰᠠᠨ ᠨᠡᠷᠡᠰ᠂ ᠲᠡᠳ᠋ ᠨᠠᠷᠢᠨ ᠪᠢᠴᠢᠭ᠌ ᠤᠨ ᠲᠠᠷᠤᠭ᠎ᠠ ᠶᠢᠨ ᠨᠡᠷᠡᠰ᠂ ᠰᠤᠯᠠ ᠤᠷᠤᠯᠴᠠᠬᠰᠠᠳ ᠤᠨ ᠨᠡᠷᠡᠰ᠂ ᠲᠦᠯᠦᠭᠡᠯᠡᠭᠴᠢᠳ ᠤᠨ ᠲᠤᠷᠠᠳᠤᠬᠰᠠᠨ ᠰᠠᠨᠠᠯ ᠵᠦᠪᠯᠡᠯᠭᠡ ᠶᠢ ᠬᠦᠯᠢᠶᠠᠨ ᠠᠪᠬᠤ ᠴᠠᠬ ᠤᠨ ᠬᠢᠵᠠᠭᠠᠷ ᠤᠨ ᠲᠤᠬᠠᠢ ᠲᠤᠬᠳᠠᠭᠠᠯ᠂ ᠰᠠᠨᠠᠯ ᠵᠦᠪᠯᠡᠯᠭᠡ ᠶᠢ ᠪᠠᠳᠤᠯᠠᠬᠤ ᠠᠷᠭ᠎ᠠ ᠵᠡᠷᠭᠡ ᠶᠢᠨ ᠲᠦᠰᠦᠯ ᠢ ᠬᠢᠨᠠᠨ ᠵᠦᠪᠯᠡᠨ᠎ᠠ; 《ᠦᠪᠤᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠠᠨᠠᠯ ᠵᠦᠪᠯᠡᠯᠭᠡ ᠶᠢ ᠬᠢᠨᠠᠨ ᠪᠠᠶᠢᠴᠠᠭᠠᠬᠤ ᠵᠦᠪᠯᠡᠯ ᠤᠨ ᠪᠦᠷᠢᠯᠳᠦᠭᠦᠨ ᠤ ᠨᠡᠷᠡᠰ (ᠲᠦᠰᠦᠯ)》 ᠢ᠋ ᠬᠢᠨᠠᠨ ᠵᠦᠪᠯᠡᠨ᠎ᠠ; ᠦᠪᠤᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠤᠨ ᠠᠩᠬᠠᠳᠣᠭᠠᠷ ᠬᠤᠷᠠᠯ ᠤᠨ ᠦᠪᠤᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠦᠷᠢᠯᠳᠦᠭᠦᠨ ᠤ ᠲᠤᠭ᠎ᠠ ᠶᠢᠨ ᠲᠤᠬᠠᠢ ᠲᠤᠬᠳᠠᠭᠠᠯ᠂ ᠦᠪᠤᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠰᠬᠠᠢ ᠵᠦᠪᠯᠡᠯ ᠢ ᠪᠠᠶᠢᠭᠤᠯᠬᠤ ᠲᠤᠬᠠᠢ ᠲᠤᠬᠳᠠᠭᠠᠯ᠂ ᠦᠪᠤᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠰᠬᠠᠢ ᠵᠦᠪᠯᠡᠯ ᠤᠨ ᠪᠦᠷᠢᠯᠳᠦᠭᠦᠨ ᠤ ᠵᠢᠱᠢᠭᠳᠡᠭᠰᠠᠳ ᠢ ᠪᠠᠳᠤᠯᠠᠬᠤ ᠠᠷᠭ᠎ᠠ ᠵᠡᠷᠭᠡ ᠶᠢᠨ ᠲᠦᠰᠦᠯ ᠢ ᠬᠢᠨᠠᠨ ᠵᠦᠪᠯᠡᠨ᠎ᠠ; ᠦᠪᠤᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠢᠨᠭ᠍ᠭᠠᠨ ᠠᠶᠢᠮᠠᠬ ᠤᠨ ᠠᠵᠢᠯ ᠤᠨ ᠵᠦᠪᠯᠡᠯ᠂ ᠰᠢᠯᠢ ᠶᠢᠨ ᠭᠤᠤᠯ ᠠᠶᠢᠮᠠᠬ ᠤᠨ ᠠᠵᠢᠯ ᠤᠨ ᠵᠦᠪᠯᠡᠯ᠂ ᠠᠯᠠᠱᠠ ᠠᠶᠢᠮᠠᠬ ᠤᠨ ᠠᠵᠢᠯ ᠤᠨ ᠵᠦᠪᠯᠡᠯ ᠤᠨ ᠲᠤᠰᠢᠶᠠᠯ ᠤᠨ ᠮᠡᠳᠡᠭᠦᠯᠦᠯᠳᠡ ᠶᠢ ᠰᠤᠨᠤᠰᠴᠤ ᠬᠢᠨᠠᠨ ᠵᠦᠪᠯᠡᠨ᠎ᠠ; ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠬᠢᠨᠠᠨ ᠵᠦᠪᠯᠡᠨ᠎ᠠ᠃

    ᠬᠤᠷᠠᠯ ᠠᠴᠠ᠂ ᠬᠠᠤᠯᠢ ᠲᠦᠷᠢᠮ ᠤᠨ ᠠᠵᠢᠯ ᠤᠨ ᠵᠦᠪᠯᠡᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠠᠪᠤᠨ ᠵᠢᠯ(2013 — 2017)  ᠤ᠋ᠨ ᠬᠠᠤᠯᠢ ᠲᠤᠬᠳᠠᠭᠠᠬᠤ ᠲᠦᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠪᠠ 2017 ᠣᠨ ᠤ ᠬᠠᠤᠯᠢ ᠲᠤᠬᠳᠠᠭᠠᠬᠤ ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠳᠡ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠠᠪᠤᠨ ᠵᠢᠯ (2018 — 2022)  ᠤ᠋ᠨ ᠬᠠᠤᠯᠢ ᠲᠤᠬᠳᠠᠭᠠᠬᠤ ᠲᠦᠯᠦᠪᠵᠢᠭᠦᠯᠭᠡ(ᠲᠦᠰᠦᠯ ᠤᠨ ᠰᠠᠨᠠᠭᠤᠯᠭ᠎ᠠ ᠶᠢᠨ ᠨᠤᠤᠷᠠᠬ) ᠪᠠ 2018 ᠣᠨ ᠤ ᠬᠠᠤᠯᠢ ᠲᠤᠬᠳᠠᠭᠠᠬᠤ ᠲᠦᠯᠦᠪᠯᠡᠭᠡ(ᠲᠦᠰᠦᠯ ᠤᠨ ᠰᠠᠨᠠᠭᠤᠯᠭ᠎ᠠ ᠶᠢᠨ ᠨᠤᠤᠷᠠᠬ); ᠡᠳ᠋  ᠤᠨ ᠵᠠᠰᠠᠬ ᠠᠵᠦ ᠠᠬᠤᠢ ᠶᠢᠨ ᠠᠵᠢᠯ ᠤᠨ ᠵᠦᠪᠯᠡᠯ ᠤᠨ ᠦᠪᠡᠷᠳᠡᠭᠡᠨ ᠵᠠᠰᠠᠬᠤ ᠤᠷᠤᠨ ᠤ 2018 ᠣᠨ ᠤ ᠲᠦᠯᠦᠪᠯᠡᠭᠡ ᠶᠢᠨ ᠮᠡᠳᠡᠭᠦᠯᠦᠯᠳᠡ ᠪᠠ ᠲᠦᠯᠦᠪᠯᠡᠭᠡ ᠶᠢᠨ ᠲᠦᠰᠦᠯ᠂ ᠲᠦᠰᠦᠪ ᠤᠨ ᠮᠡᠳᠡᠭᠦᠯᠦᠯᠳᠠ ᠪᠠ ᠲᠦᠰᠦᠪ ᠤᠨ ᠲᠦᠰᠦᠯ ᠢ ᠠᠩᠬ᠎ᠠ ᠠᠯᠬᠤᠮ ᠬᠢᠨᠠᠨ ᠪᠠᠶᠢᠴᠠᠭᠠᠬᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠳᠡ; ᠤᠷᠴᠢᠨ ᠲᠤᠭᠤᠷᠢᠨ ᠡᠭᠢ ᠪᠠᠶᠠᠯᠢᠭ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠳᠠ ᠶᠢᠨ ᠠᠵᠢᠯ ᠤᠨ ᠵᠦᠪᠯᠡᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠬᠦᠭᠵᠢᠭᠦᠯᠭᠦ ᠲᠤᠮᠳᠠ ᠤᠷᠴᠢᠨ ᠲᠤᠭᠤᠷᠢᠨ ᠤ ᠬᠠᠮᠠᠭᠠᠯᠠᠯᠳᠠ ᠶᠢ ᠨᠠᠶᠢᠳᠠᠪᠤᠷᠢᠵᠢᠭᠤᠯᠤᠬᠰᠠᠨ ᠪᠠᠶᠢᠳᠠᠯ ᠤᠨ ᠲᠤᠬᠠᠢ ᠮᠡᠳᠡᠭᠦᠯᠦᠯᠳᠡ᠂ ᠪᠦᠭᠦ ᠤᠷᠤᠨ ᠤ 2016 ᠣᠨ ᠤ ᠤᠷᠴᠢᠨ ᠲᠤᠭᠤᠷᠢᠨ ᠤ ᠪᠠᠶᠢᠳᠠᠯ ᠪᠠ ᠤᠷᠴᠢᠨ ᠲᠤᠭᠤᠷᠢᠨ ᠢ ᠬᠠᠮᠠᠭᠠᠯᠠᠬᠤ ᠬᠠᠷᠠᠯᠳᠠ ᠶᠢ ᠪᠡᠶᠡᠯᠡᠭᠦᠯᠦᠭᠰᠡᠨ ᠪᠠᠶᠢᠳᠠᠯ ᠤᠨ ᠮᠡᠳᠡᠭᠦᠯᠦᠯᠳᠡ ᠶᠢ ᠬᠢᠨᠠᠨ ᠵᠦᠪᠯᠡᠬᠦ ᠰᠠᠨᠠᠯ ᠤᠨ ᠠᠩᠬᠠᠨ ᠤ ᠬᠢᠨᠠᠨ ᠵᠦᠪᠯᠡᠭᠰᠡᠨ ᠰᠠᠨᠠᠯ; ᠡᠳ᠋ ᠤᠨ ᠵᠠᠰᠠᠬ ᠠᠵᠦ ᠠᠬᠤᠢ ᠶᠢᠨ ᠵᠦᠪᠯᠡᠯ ᠤᠨ《ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ 2017 ᠣᠨ ᠤ ᠪᠦᠭᠦ ᠤᠷᠤᠨ ᠤ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ ᠶᠢᠨ ᠵᠢᠱᠢᠭᠰᠡᠨ ᠬᠠᠷᠠᠯᠳᠠ ᠶᠢᠨ ᠬᠠᠮᠢᠶ᠎ᠠ ᠪᠦᠬᠦᠢ ᠪᠠᠶᠢᠳᠠᠯ ᠳᠤ ᠬᠤᠶᠠᠳᠡᠭᠢ ᠣᠳᠠᠭ᠎ᠠ ᠲᠤᠬᠢᠷᠠᠭᠤᠯᠣᠯᠳᠠ ᠬᠢᠬᠦ ᠲᠤᠬᠠᠢ ᠮᠡᠳᠡᠭᠦᠯᠦᠯᠳᠡ》 ᠶ᠋ᠢᠨ ᠬᠠᠮᠢᠶ᠎ᠠ ᠪᠦᠭᠦᠢ ᠪᠠᠶᠢᠳᠠᠯ ᠤᠨ ᠲᠤᠬᠠᠢ ᠲᠤᠳᠤᠷᠬᠠᠢᠢᠯᠠᠯᠳᠠ ᠶᠢ ᠬᠢᠨᠠᠨ ᠵᠦᠪᠯᠡᠪᠠ᠃

    ᠬᠤᠷᠠᠯ ᠠᠴᠠ ᠪᠠᠰᠠ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠤᠴᠢᠨ ᠲᠤᠯᠤᠳᠤᠭᠠᠷ ᠬᠤᠷᠠᠯ ᠳᠤ ᠲᠡᠪᠰᠢᠭᠦᠯᠭᠦ ᠪᠠᠷ ᠪᠠᠶᠢᠭ᠎ᠠ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠬᠢᠨᠠᠨ ᠵᠦᠪᠯᠡᠪᠡ᠃

ᠢᠷᠡᠯᠳᠡ᠄ ᠥᠪᠥᠷ ᠮᠣᠩᠭᠤᠯ ᠤᠨ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
关闭
010070230030000000000000011120701122238030