蒙古文网站Logo
ᠰᠢᠨᠬᠤᠸᠠ ᠮᠤᠩᠭ᠋ᠤᠯ ᠨᠧᠲ

ᠹᠧᠩ ᠢᠤᠢ ᠵᠧᠨ ᠬᠦᠬᠡᠬᠤᠳᠠ ᠶᠢᠨ ᠳᠠᠷᠤᠭ᠎ᠠ ᠪᠡᠷ ᠰᠤᠩᠭᠤᠭᠳᠠᠪᠠ

2018-01-11 10:24

    ᠰᠢᠨᠬᠤᠧᠠ ᠨᠧᠲ   ᠬᠦᠬᠡᠬᠤᠳᠠ ᠶᠢᠨ 1 ᠰᠠᠷ᠎ᠠ ᠢᠢᠨ 10 ᠤ ᠡᠳᠦᠷ ᠤᠨ ᠴᠠᠬᠢᠯᠭᠠᠨ ᠮᠡᠳᠡᠬᠡ (ᠼᠤᠤ ᠵᠧᠨ) 1 ᠰᠠᠷ᠎ᠠ ᠶᠢᠨ 10 ᠤ ᠦᠳᠡ ᠡᠴᠡ ᠬᠤᠶᠢᠰᠢ᠂ ᠬᠦᠬᠡᠬᠤᠳᠠ ᠶᠢᠨ ᠠᠷᠪᠠᠨ ᠳᠠᠪᠤᠳᠤᠭᠠᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠨᠢᠬᠡᠳᠦᠬᠡᠷ ᠬᠤᠷᠠᠯ ᠨᠢ ᠳᠦᠷᠪᠡᠳᠦᠬᠡᠷ ᠤᠳᠠᠭᠠᠨ ᠤ ᠪᠦᠬᠦᠳᠡ ᠬᠤᠷᠠᠯ ᠬᠤᠷᠠᠯᠳᠤᠭᠤᠯᠪᠠ᠃ ᠬᠤᠷᠠᠯ ᠢᠶᠡᠷ ᠶᠦᠨ ᠵᠢᠶᠠᠨ ᠳ᠋ᠦᠩ ᠬᠦᠬᠡᠬᠤᠳᠠ ᠶᠢᠨ ᠠᠷᠪᠠᠨ ᠳᠠᠪᠤᠳᠤᠭᠠᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠪᠡᠷ ᠰᠤᠩᠭᠤᠭᠳᠠᠵᠤ᠂ ᠹᠧᠩ ᠢᠤᠢ ᠵᠧᠨ ᠬᠦᠬᠡᠬᠤᠳᠠ ᠶᠢᠨ ᠳᠠᠷᠤᠭ᠎ᠠ ᠪᠡᠷ ᠰᠤᠩᠭᠤᠭᠳᠠᠪᠠ᠃

    ᠯᠦ ᠵᠢᠶᠠᠨ ᠵᠢᠶᠦ᠋ᠨ᠂ ᠯᠢᠦ ᠮᠢᠨ᠂ ᠰᠡᠴᠡᠨᠪᠢᠯᠢᠭ᠌᠂ ᠹᠦ᠋ ᠳ᠋ᠦᠩ ᠬᠠᠢ᠂ ᠸᠠᠩ ᠸᠧᠢ ᠯᠢᠶᠠᠩ᠂ ᠯᠦ ᠰᠢᠶᠤᠤ ᠶᠠᠨ ᠨᠠᠷ ᠬᠦᠬᠡᠬᠤᠳᠠ ᠶᠢᠨ ᠠᠷᠪᠠᠨ ᠳᠠᠪᠤᠳᠤᠭᠠᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠪᠡᠷ ᠰᠤᠩᠭᠤᠭᠳᠠᠪᠠ᠃

    ᠵᠠᠩ ᠰᠢᠶᠤᠤ ᠹᠠᠨ ᠠᠷᠪᠠᠨ ᠳᠠᠪᠤᠳᠤᠭᠠᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠷᠢᠨ ᠪᠢᠴᠢᠭ᠌ ᠤᠨ ᠳᠠᠷᠤᠭ᠎ᠠ ᠪᠡᠷ ᠰᠤᠩᠭᠤᠭᠳᠠᠪᠠ᠃

    ᠯᠢᠦ ᠸᠧᠨ ᠢᠤᠢ᠂ ᠰᠢᠤᠢ ᠷᠦᠢ ᠰᠢᠶᠠ᠂ ᠪᠢ ᠭᠦᠧᠧ ᠴᠧᠨ᠂ ᠯᠢᠦ ᡁᠢ ᠪᠢᠨ᠂ ᠵᠧᠤ ᠴᠢᠶᠠᠩ᠂ ᠸᠠᠩ ᠰᠢᠤᠢ ᠫᠢᠩ᠂ ᠶᠦᠨ ᠰᠢᠨ ᠮᠢᠩ ᠨᠠᠷ ᠬᠦᠬᠡᠬᠤᠳᠠ ᠶᠢᠨ ᠳᠡᠳ᠋ ᠳᠠᠷᠤᠭ᠎ᠠ ᠪᠡᠷ ᠰᠤᠩᠭᠤᠭᠳᠠᠪᠠ᠃

    ᠰᠢᠤᠢ ᠬᠦᠧᠧ ᠮᠢᠩ ᠬᠦᠬᠡᠬᠤᠳᠠ ᠶᠢᠨ ᠬᠢᠨᠠᠨ ᠪᠠᠶᠢᠴᠠᠭᠠᠬᠤ ᠺᠤᠮᠢᠰ ᠤᠨ ᠡᠷᠬᠢᠯᠡᠭᠴᠢ ᠪᠡᠷ ᠰᠤᠩᠭᠤᠭᠳᠠᠪᠠ᠃

    ᠳ᠋ᠦᠩ ᠪᠢᠩ ᠡᠾᠦ᠋ᠢ ᠬᠦᠬᠡᠬᠤᠳᠠ ᠶᠢᠨ ᠳᠤᠮᠳᠠ ᠵᠡᠷᠬᠡ ᠶᠢᠨ ᠠᠷᠠᠳ ᠤᠨ ᠰᠢᠬᠦᠬᠦ ᠬᠤᠷᠢᠶ᠎ᠠ ᠶᠢᠨ ᠳᠠᠷᠤᠭ᠎ᠠ ᠪᠡᠷ ᠰᠤᠩᠭᠤᠭᠳᠠᠪᠠ᠃

    ᠪᠤᠶᠠᠨᠳᠡᠯᠬᠡᠷ ᠬᠦᠬᠡᠬᠤᠳᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠳᠠᠷᠤᠭ᠎ᠠ ᠪᠡᠷ ᠰᠤᠩᠭᠤᠭᠳᠠᠪᠠ᠃ ᠬᠠᠤᠯᠢ ᠶᠤᠰᠤᠭᠠᠷ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠳᠤ ᠮᠡᠳᠡᠬᠦᠯᠵᠤ᠂ ᠳᠠᠬᠢᠭᠠᠳ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠪᠠᠶᠢᠩᠭᠤ ᠶᠢᠨ ᠬᠤᠷᠢᠶ᠎ᠠ ᠪᠡᠷ ᠵᠦᠪᠰᠢᠶᠡᠷᠡᠬᠦᠯᠦᠨ᠎ᠡ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
关闭
010070230030000000000000011120701122241799