蒙古文网站Logo
ᠰᠢᠨᠬᠤᠸᠠ ᠮᠤᠩᠭ᠋ᠤᠯ ᠨᠧᠲ

ᠱᠠᠨ᠎ᠠ ᠭᠡᠰᠢᠬᠦᠨ᠄ ᠴᠡᠭᠡ - ᠰᠢᠪᠡᠭᠡ ᠬᠦᠷᠡᠩ ᠤᠨ ᠬᠢᠯᠢ ᠳᠠᠮᠨᠠᠭᠰᠠᠨ ᠡᠳ᠋ ᠤᠨ ᠵᠠᠰᠠᠭ ᠤᠨ ᠬᠠᠮᠳᠤ ᠶᠢᠨ ᠠᠵᠢᠯᠯᠠᠭᠠᠨ ᠤ ᠪᠦᠰᠡ ᠶᠢ ᠪᠠᠶᠢᠭᠤᠯᠪᠠᠯ ᠵᠤᠬᠢᠨ᠎ᠠ

2017-03-06 10:02

ᠭᠡᠰᠢᠬᠦᠨ ᠱᠠᠨ᠎ᠠ

    3 ᠰᠠᠷ᠎ᠠ ᠶᠢᠨ 5 ᠤ ᠦᠳᠡ ᠶᠢᠨ ᠬᠤᠶᠢᠨ᠎ᠠ᠂ ᠪᠡᠭᠡᠵᠢᠩ ᠤᠨ ᠨᠦᠬᠦᠷᠯᠡᠯ ᠵᠤᠴᠢᠳ ᠤᠨ ᠪᠠᠭᠤᠳᠠᠯ ᠳᠤ᠂ ᠰᠤᠷᠪᠤᠯᠵᠢᠯᠠᠭᠴᠢ ᠴᠦᠭᠡᠨ ᠲᠤᠭᠠᠳᠤ ᠦᠨᠳᠤᠰᠤᠳᠠᠨ ᠤ ᠡᠳᠡᠭᠡᠳ ᠤᠨ ᠲᠤᠭᠤᠢᠢᠯᠠᠩ ᠤᠨ 《ᠵᠠᠰᠠᠭ ᠤᠨ ᠭᠠᠵᠠᠷ ᠤᠨ ᠠᠵᠢᠯ ᠤᠨ ᠢᠯᠡᠳᠭᠡᠯ 》 ᠢ᠋ ᠶᠠᠷᠢᠯᠴᠠᠬᠤ ᠬᠤᠷᠠᠯ ᠤᠨ ᠵᠠᠪᠰᠠᠷᠯᠠᠭ᠎ᠠ ᠪᠠᠷ ᠦᠪᠦᠷ ᠮᠤᠩᠭ᠋ᠤᠯ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠬᠦᠨ ᠱᠠᠨ᠎ᠠ ᠶᠢ ᠰᠤᠷᠪᠤᠯᠵᠢᠯᠠᠵᠠᠢ᠃

    《〈ᠵᠠᠰᠠᠭ ᠤᠨ ᠭᠠᠵᠠᠷ ᠤᠨ ᠠᠵᠢᠯ ᠤᠨ ᠢᠯᠡᠳᠭᠡᠯ〉 ᠳ᠋ᠤ᠂ 〈ᠨᠢᠭᠡ ᠪᠦᠰᠡ ᠨᠢᠭᠡ ᠵᠠᠮ〉 ᠤᠨ ᠪᠦᠳᠦᠭᠡᠨ ᠪᠠᠶᠢᠭᠤᠯᠤᠯᠳᠠ ᠶᠢ ᠯᠠᠪᠳᠠᠭᠤᠨ ᠠᠬᠢᠭᠤᠯᠤᠨ᠎ᠠ᠃ ᠤᠯᠤᠰ ᠤᠨ ᠬᠤᠭᠤᠷᠤᠨᠲᠤᠬᠢ ᠦᠢᠯᠡᠳᠪᠦᠷᠢᠯᠡᠬᠦ ᠴᠢᠲᠠᠪᠤᠷᠢ ᠶᠢᠨ ᠬᠠᠮᠳᠤᠷᠠᠯᠴᠠᠭ᠎ᠠ ᠶᠢ ᠬᠥᠨᠵᠡᠭᠡᠶᠢᠷᠡᠬᠦᠯᠤᠨ᠂ ᠮᠠᠨ ᠤ ᠤᠯᠤᠰ ᠤᠨ ᠲᠤᠨᠤᠭᠯᠠᠯ᠂ ᠮᠡᠷᠭᠡᠵᠢᠯ᠂ ᠪᠠᠷᠢᠮᠵᠢᠶ᠎ᠠ᠂ ᠦᠢᠯᠡᠴᠢᠯᠡᠭᠡ ᠶᠢᠨ ᠭᠠᠳᠠᠭᠰᠢ ᠭᠠᠷᠬᠤ ᠶᠢ ᠲᠠᠶᠢᠴᠢᠯᠠᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠦᠬᠦᠪᠦᠷᠢᠯᠡᠨ᠎ᠠ》 ᠭᠡᠵᠤ ᠲᠤᠷᠠᠳᠤᠭᠰᠠᠨ ᠨᠢ ᠦᠪᠤᠷ ᠮᠤᠩᠭᠤᠯ ᠤᠨ ᠤᠮᠠᠷᠠᠰᠢ ᠨᠡᠭᠡᠭᠡᠯᠳᠠ ᠳᠤ ᠨᠠᠩ ᠰᠠᠶᠢᠨ ᠲᠤᠬᠢᠶᠠᠯ ᠤᠯᠭᠤᠬᠤ ᠪᠤᠯᠤᠨ᠎ᠠ ᠭᠡᠵᠤ ᠱᠠᠨ᠎ᠠ ᠭᠡᠰᠢᠬᠦᠨ ᠪᠠᠶᠠᠷᠳᠠᠶᠢᠬᠠᠨ ᠭᠡᠯᠡᠨ᠎ᠠ᠃

    ᠱᠠᠨ᠎ᠠ ᠭᠡᠰᠢᠬᠦᠨ ᠲᠤᠰ ᠤᠳᠠᠭ᠎ᠠ ᠶᠢᠨ ᠶᠡᠭᠡ ᠬᠤᠷᠠᠯ ᠳᠤ 《ᠲᠤᠮᠳᠠᠳᠤ ᠮᠤᠩᠭᠤᠯ ᠤᠨ ᠴᠡᠭᠡ - ᠰᠢᠪᠡᠭᠡ ᠬᠦᠷᠡᠩ ᠤᠨ ᠬᠢᠯᠢ ᠳᠠᠮᠨᠠᠭᠰᠠᠨ ᠡᠳ᠋ ᠤᠨ ᠵᠠᠰᠠᠭ ᠤᠨ ᠬᠠᠮᠳᠤ ᠶᠢᠨ ᠠᠵᠢᠯᠯᠠᠭᠠᠨ ᠤ ᠪᠦᠰᠡ ᠶᠢ ᠪᠠᠶᠢᠭᠤᠯᠬᠤ ᠲᠤᠬᠠᠢ》 ᠵᠡᠷᠭᠡ ᠨᠠᠯᠢᠶᠠᠳ ᠭᠡᠳᠤᠨ ᠰᠠᠨᠠᠯ ᠲᠤᠷᠠᠳᠤᠯᠭ᠎ᠠ ᠪᠡᠯᠡᠳᠭᠡᠵᠤ ᠢᠷᠡᠭᠰᠡᠨ ᠪᠠᠶᠢᠵᠠᠢ᠃ ᠲᠡᠷᠡ᠄ 《〈ᠨᠢᠭᠡ ᠪᠦᠰᠡ ᠨᠢᠭᠡ ᠵᠠᠮ〉 ᠤᠨ ᠪᠠᠶᠢᠯᠳᠤᠬᠤ ᠪᠤᠳᠤᠯᠭ᠎ᠠ ᠨᠢ ᠪᠤᠭᠤᠮᠳᠠ ᠶᠢᠨ ᠡᠳ᠋ ᠤᠨ ᠵᠠᠰᠠᠭ ᠢ ᠬᠦᠭᠵᠢᠬᠦᠯᠬᠦ᠂ ᠲᠠᠷᠠᠴᠢᠯᠠᠨ ᠲᠤᠮᠳᠠᠳᠤ᠂ ᠮᠤᠩᠭᠤᠯ᠂ ᠤᠷᠤᠰ ᠤᠨ ᠡᠳ᠋ ᠤᠨ ᠵᠠᠰᠠᠭ ᠤᠨ ᠬᠦᠭᠵᠢᠯᠳᠡ ᠶᠢ ᠲᠦᠯᠬᠢᠨ ᠠᠬᠢᠭᠤᠯᠬᠤ ᠳᠤ ᠮᠠᠰᠢ ᠴᠢᠬᠤᠯᠠ ᠦᠢᠯᠡᠳᠤᠯ ᠲᠠᠢ᠃ ᠲᠡᠭᠡᠬᠦᠯᠠᠷ ᠶᠡᠭᠡ ᠬᠤᠷᠠᠯ ᠳᠤ 〈ᠲᠤᠮᠳᠠᠳᠤ ᠮᠤᠩᠭᠤᠯ ᠤᠨ ᠴᠡᠭᠡ - ᠰᠢᠪᠡᠭᠡ ᠬᠦᠷᠡᠩ ᠤᠨ ᠬᠢᠯᠢ ᠳᠡᠠᠮᠨᠠᠭᠰᠠᠨ ᠡᠳ᠋ ᠤᠨ ᠵᠠᠰᠠᠭ ᠤᠨ ᠬᠠᠮᠳᠤ ᠶᠢᠨ ᠠᠵᠢᠯᠯᠠᠭᠠᠨ ᠤ ᠪᠦᠰᠡ ᠶᠢ ᠪᠠᠶᠢᠭᠤᠯᠬᠤ ᠲᠤᠬᠠᠢ〉 ᠰᠠᠨᠠᠯ ᠲᠤᠷᠠᠳᠤᠯᠭ᠎ᠠ ᠲᠠᠪᠰᠢᠬᠦᠯᠬᠦ ᠪᠠᠷ ᠪᠠᠯᠡᠭᠡᠨ ᠪᠤᠯᠤᠭᠠᠳ ᠪᠠᠶᠢᠨ᠎ᠠ》 ᠭᠡᠨ᠎ᠠ᠃

    ᠱᠠᠨ᠎ᠠ ᠭᠡᠰᠢᠬᠦᠨ᠂ ᠴᠡᠭᠡ ᠪᠤᠭᠤᠮᠳᠠ ᠨᠡᠭᠡᠭᠡᠯᠳᠠ ᠬᠢᠭᠰᠡᠨ ᠠᠴᠠ ᠨᠠᠰᠢ᠂ ᠲᠦᠷ ᠴᠠᠭ ᠤᠨ ᠪᠠᠷᠠᠭ᠎ᠠ ᠤᠷᠤᠭᠤᠯᠵᠤ ᠭᠠᠷᠭᠠᠳᠠᠭ ᠪᠤᠭᠤᠮᠳᠠ ᠪᠠᠶᠢᠭᠰᠨ ᠠᠴᠠ ᠤᠯᠠᠷᠢᠯ ᠤᠨ ᠴᠢᠨᠠᠷᠳᠠᠢ ᠪᠤᠭᠤᠮᠳᠠ ᠪᠤᠯᠵᠤ᠂ ᠲᠠᠬᠢᠨ ᠤᠯᠤᠰ ᠤᠨ ᠨᠢᠭᠡᠳᠤᠭᠡᠷ ᠲᠦᠷᠦᠯ ᠤᠨ ᠵᠢᠯ ᠲᠤᠵᠢ ᠨᠡᠭᠡᠭᠡᠯᠳᠠ ᠲᠠᠢ ᠪᠤᠭᠤᠮᠳᠠ ᠪᠤᠯᠵᠤ᠂ ᠤᠳᠤ ᠪᠤᠯᠳᠠᠯ᠎ᠠ ᠪᠤᠭᠤᠮᠳᠠ ᠪᠠᠷ ᠦᠡᠭᠭᠡᠷᠡᠭᠰᠡᠨ ᠪᠠᠷᠠᠭ᠎ᠠ 8100 ᠭᠠᠷᠤᠢ ᠲᠦᠮᠡᠨ ᠲᠤᠨ ᠳᠤ ᠬᠦᠷᠴᠤ᠂ ᠠᠷᠡᠯᠵᠢᠶᠠᠨ ᠤ ᠮᠦᠡᠭᠬᠦ 33 ᠳ᠋ᠦᠡᠭᠰᠢᠭᠤᠷ ᠳ᠋ᠤᠯᠯᠠᠷ ᠢ ᠲᠠᠪᠠᠨ᠂ ᠬᠢᠯᠢ ᠶᠢᠨ ᠪᠤᠭᠤᠮᠳᠠ ᠪᠠᠷ ᠤᠷᠤᠵᠤ ᠭᠠᠷᠤᠭᠰᠨᠨ ᠬᠦᠮᠤᠨ ᠳᠠᠪᠬᠤᠷᠳᠠᠭᠰᠠᠨ ᠲᠤᠭ᠎ᠠ ᠪᠡᠷ 280 ᠭᠠᠷᠤᠢ ᠳᠦᠮᠡ ᠳᠤ ᠬᠦᠷᠴᠤ᠂ ᠨᠢᠭᠡᠨᠳᠠ ᠪᠦᠬᠦ ᠤᠯᠤᠰ ᠤᠨ ᠲᠦᠷᠪᠡᠳᠦᠭᠡᠷ᠂ ᠦᠪᠡᠷᠳᠡᠭᠡᠨ ᠵᠠᠰᠠᠬᠤ ᠤᠷᠤᠨ ᠤ ᠭᠤᠷᠪᠠᠳᠤᠭᠠᠷ ᠬᠠᠭᠤᠷᠠᠢ ᠵᠠᠮ ᠤᠨ ᠬᠢᠯᠢ ᠶᠢᠨ ᠪᠤᠭᠤᠮᠳᠠ ᠪᠤᠯᠵᠤ᠂ ᠲᠤᠮᠳᠠᠳᠤ ᠮᠤᠩᠭᠤᠯ ᠬᠤᠶᠠᠷ ᠤᠯᠤᠰ ᠤᠨ ᠴᠢᠬᠤᠯᠠ ᠶᠡᠭᠡ ᠠᠷᠠᠯᠵᠢᠶ᠎ᠠ ᠬᠢᠳᠡᠭ ᠪᠤᠭᠤᠮᠳᠠ ᠶᠢᠨ ᠨᠢᠭᠡ ᠪᠤᠯᠵᠠᠢ ᠭᠡᠵᠤ ᠪᠤᠭᠤᠮᠳᠠ ᠶᠢᠨ ᠪᠠᠶᠢᠳᠠᠯ ᠤᠨ ᠲᠤᠬᠠᠢ ᠲᠦᠬᠦᠮ ᠲᠠᠨᠢᠯᠴᠠᠭᠤᠯᠤᠯ᠎ᠠ᠃

    《ᠴᠡᠭᠡ - ᠰᠢᠪᠡᠭᠡ ᠬᠦᠷᠡᠩ ᠤᠨ ᠬᠢᠯᠢ ᠳᠡᠠᠮᠨᠠᠭᠰᠠᠨ ᠡᠳ᠋ ᠤᠨ ᠵᠠᠰᠠᠭ ᠤᠨ ᠬᠠᠮᠳᠤ ᠶᠢᠨ ᠠᠵᠢᠯᠯᠠᠭᠠᠨ ᠤ ᠪᠦᠰᠡ ᠶᠢ ᠪᠠᠶᠢᠭᠤᠯᠬᠤ ᠨᠢ ᠲᠤᠮᠳᠠᠳᠤ ᠮᠤᠩᠭᠤᠯ ᠬᠤᠶᠠᠷ ᠤᠯᠤᠰ ᠤᠨ ᠡᠷᠴᠢᠮ ᠬᠦᠴᠦ ᠡᠬᠢ ᠪᠠᠶᠠᠯᠢᠭ ᠤᠨ ᠰᠤᠯᠢᠯᠴᠠᠭ᠎ᠠ ᠶᠢ ᠴᠢᠨᠠᠭᠰᠢᠳᠠ ᠠᠬᠢᠭᠤᠯᠤᠨ᠂ ᠠᠷᠠᠯᠵᠢᠶᠠᠨ ᠤ ᠲᠠᠯ᠎ᠠ ᠪᠠᠷ ᠬᠢ ᠬᠠᠮᠳᠤᠷᠠᠯᠴᠠᠭ᠎ᠠ ᠶᠢ ᠦᠷᠭᠡᠳᠭᠡᠬᠦ ᠳᠤ ᠮᠠᠰᠢ ᠠᠰᠢᠬᠳᠠᠢ ᠮᠦᠷᠳᠡᠭᠡᠨ ᠰᠢᠨ᠎ᠠ ᠡᠷᠴᠢᠮ ᠬᠦᠴᠦ ᠪᠡᠷ ᠴᠠᠬᠢᠯᠭᠠᠨ ᠭᠠᠷᠭᠠᠬᠤ ᠠᠵᠤ ᠦᠢᠯᠡᠰ᠂ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠠ ᠶᠢ ᠡᠳ᠋ᠰᠢᠬᠦᠯᠤᠨ ᠪᠤᠯᠪᠠᠰᠤᠷᠠᠭᠤᠯᠬᠤ ᠪᠠ ᠬᠢᠯᠢ ᠳᠠᠮᠨᠠᠭᠰᠠᠨ ᠵᠢᠭᠤᠯᠴᠢᠯᠠᠯ ᠤᠨ ᠦᠢᠯᠡᠰ ᠢ ᠬᠦᠭᠵᠢᠬᠦᠯᠬᠦ ᠵᠡᠷᠭᠡ ᠲᠠᠯ᠎ᠠ ᠳᠤ ᠴᠤ ᠠᠬᠢᠭᠤᠯᠬᠤ ᠦᠢᠯᠡᠳᠤᠯ ᠦᠵᠡᠬᠦᠯᠬᠦ ᠪᠤᠯᠤᠨ᠎ᠠ᠃ ᠲᠡᠭᠡᠬᠦᠯᠠᠷ᠂ ᠤᠯᠤᠰ ᠠᠴᠠ ᠴᠡᠭᠡ - ᠰᠢᠪᠡᠭᠡ ᠬᠦᠷᠡᠩ ᠤᠨ ᠬᠢᠯᠢ ᠳᠡᠠᠮᠨᠠᠭᠰᠠᠨ ᠡᠳ᠋ ᠤᠨ ᠵᠠᠰᠠᠭ ᠤᠨ ᠬᠠᠮᠳᠤ ᠶᠢᠨ ᠠᠵᠢᠯᠯᠠᠭᠠᠨ ᠤ ᠪᠦᠰᠡ ᠶᠢ ᠪᠠᠶᠢᠭᠤᠯᠬᠤ ᠶᠢ ᠤᠯᠤᠰ ᠤᠨ 〈ᠨᠢᠭᠡ ᠪᠦᠰᠡ ᠨᠢᠭᠡ ᠵᠠᠮ〉 ᠤᠨ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠪᠠ 〈13·5〉 ᠤ᠋᠋ᠨ ᠳᠦᠰᠦᠯ ᠳᠤ ᠤᠷᠤᠭᠤᠯᠵᠤ᠂ ᠴᠡᠭᠡ -ᠰᠢᠪᠡᠭᠡ ᠬᠦᠷᠡᠩ ᠤᠨ ᠭᠤᠤᠯᠳᠠᠯᠭ᠎ᠠ ᠲᠠᠢ ᠨᠡᠭᠡᠭᠡᠨ ᠬᠦᠭᠵᠢᠬᠦᠯᠬᠦ ᠲᠤᠷᠰᠢᠯᠳᠠ ᠶᠢᠨ ᠪᠦᠰᠡ ᠭᠠᠷᠭᠠᠵᠤ᠂ ᠲᠠᠷᠠᠴᠢᠯᠠᠨ ᠬᠢᠯᠢ ᠳᠡᠠᠮᠨᠠᠭᠰᠠᠨ ᠡᠳ᠋ ᠤᠨ ᠵᠠᠰᠠᠭ ᠤᠨ ᠬᠠᠮᠳᠤ ᠶᠢᠨ ᠠᠵᠢᠯᠯᠠᠭᠠᠨ ᠤ ᠪᠦᠰᠡ ᠶᠢ  ᠪᠠᠶᠢᠭᠤᠯᠪᠠᠯ ᠵᠤᠬᠢᠨ᠎ᠠ》ᠭᠡᠵᠤ ᠰᠠᠨᠠᠯ ᠲᠤᠷᠠᠳᠤᠯᠭ᠎ᠠ ᠶᠢᠨ ᠢᠶᠠᠨ ᠴᠢᠬᠤᠯᠠ ᠠᠴᠢ ᠬᠤᠯᠪᠤᠭᠳᠠᠯ ᠢ ᠶᠠᠷᠢᠬᠤ ᠶᠢᠨ ᠲᠠᠭᠠᠤ ᠰᠠᠨᠠᠭᠤᠯᠭ᠎ᠠ ᠪᠠᠨ ᠴᠤ ᠲᠤᠳᠤᠷᠠᠭᠤᠯᠵᠤ ᠭᠠᠷᠤᠯ᠎ᠠ᠃ (ᠰᠤᠷᠤᠨ᠎ᠠ)

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120701120574409