蒙古文网站Logo
ᠰᠢᠨᠬᠤᠸᠠ ᠮᠤᠩᠭ᠋ᠤᠯ ᠨᠧᠲ

ᠢᠤᠢ ᠵᠢᠶᠠᠨ ᠹᠦ᠋ ᠬᠡᠰᠢᠬᠦᠨ᠄ ᠬᠦᠨᠡᠰᠦᠨ ᠤ ᠠᠶᠤᠯᠬᠦᠢ ᠶᠢᠨ ᠬᠠᠮᠢᠶᠠᠷᠤᠯᠳᠠ ᠶᠢ ᠴᠢᠩᠭᠠᠳᠬᠠᠵᠤ ᠬᠠᠤᠯᠢ ᠶᠢᠨ ᠳᠤᠭᠳᠠᠯᠴᠠᠭ᠎ᠠ ᠶᠢ ᠳᠡᠬᠦᠯᠳᠡᠷᠵᠢᠬᠦᠯᠬᠦ ᠬᠡᠷᠡᠭᠳᠡᠢ

2017-03-06 10:21

ᠬᠡᠰᠢᠬᠦᠨ ᠢᠤᠢ ᠵᠢᠶᠠᠨ ᠹᠦ᠋

    ᠰᠢᠨᠬᠤᠧᠠ ᠨᠧᠲ   ᠪᠡᠬᠡᠵᠢᠩ ᠤᠨ 3 ᠰᠠᠷ᠎ᠠ ᠶᠢᠨ 5 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠬᠦᠧᠧ ᠯᠢᠶᠠᠩ) ᠪᠦᠬᠦ ᠤᠯᠤᠰ ᠤᠨ ᠤᠯᠤᠰ ᠳᠦᠷᠦ ᠶᠢᠨ ᠵᠦᠪᠯᠡᠯᠬᠡᠨ ᠤ ᠬᠡᠰᠢᠬᠦᠨ᠂ ᠠᠨᠾᠦ᠋ᠢ ᠮᠤᠵᠢ ᠶᠢᠨ ᠨᠠᠨ ᠰᠢᠶᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠤᠪᠴᠢᠶᠠᠨ ᠤ ᠳᠡᠷᠢᠬᠦᠯᠡᠭᠴᠢ ᠢᠤᠢ ᠵᠢᠶᠠᠨ ᠹᠦ᠋ 5 ᠤ ᠡᠳᠦᠷ ᠰᠢᠨᠬᠤᠧᠠ ᠨᠧᠲ ᠤᠨ 《2017 ᠤᠨ ᠤ ᠪᠦᠬᠦ ᠤᠯᠤᠰ ᠤᠨ ᠬᠤᠶᠠᠷ ᠬᠤᠷᠠᠯ ᠤᠨ ᠳᠤᠰᠬᠠᠢ ᠶᠠᠷᠢᠯᠴᠠᠭ᠎ᠠ》 ᠰᠢᠭᠤᠳ ᠨᠡᠪᠳᠡᠷᠡᠬᠦᠯᠬᠡ ᠶᠢᠨ ᠦᠷᠦᠬᠡᠨ ᠳᠤ ᠰᠠᠭᠠᠳᠠᠵᠤ ᠰᠤᠷᠪᠤᠯᠵᠢᠯᠠᠭ᠎ᠠ ᠬᠦᠯᠢᠶᠡᠯ᠎ᠡ᠃ ᠳᠡᠷᠡᠪᠡᠷ ᠬᠦᠨᠡᠰᠦᠨ ᠤ ᠠᠶᠤᠯᠬᠦᠢ ᠶᠢᠨ ᠬᠠᠮᠢᠶᠠᠷᠤᠯᠳᠠ ᠶᠢ ᠴᠢᠩᠭᠠᠳᠬᠠᠵᠤ ᠬᠠᠤᠯᠢ ᠶᠢᠨ ᠳᠤᠭᠳᠠᠯᠴᠠᠭ᠎ᠠ ᠶᠢ ᠳᠡᠬᠦᠯᠳᠡᠷᠵᠢᠬᠦᠯᠬᠦ ᠬᠡᠷᠡᠭᠳᠡᠢ ᠬᠡᠮᠡᠬᠦ ᠰᠠᠨᠠᠯ ᠳᠤᠷᠠᠳᠤᠯᠭ᠎ᠠ ᠪᠡᠨ ᠳᠡᠪᠰᠢᠬᠦᠯᠦᠭᠰᠡᠨ ᠪᠠᠶᠢᠨ᠎ᠠ᠃

    ᠬᠤᠭᠤᠯᠠ ᠬᠦᠨᠡᠰᠦ ᠨᠢ ᠢᠷᠬᠡᠳ ᠤᠨ ᠡᠷᠡᠬᠦᠯ ᠮᠡᠨᠳᠦ ᠳᠡᠷᠡᠴᠢᠯᠡᠨ ᠠᠮᠢ ᠨᠠᠰᠤᠨ ᠤ ᠠᠶᠤᠯᠬᠦᠢ ᠳᠤ ᠬᠤᠯᠪᠤᠭᠳᠠᠳᠠᠭ᠂ ᠮᠦᠨ ᠡᠳ᠋ ᠤᠨ ᠵᠠᠰᠠᠭ ᠨᠡᠶᠢᠬᠡᠮ ᠤᠨ ᠬᠦᠭᠵᠢᠯᠳᠡ ᠬᠢᠬᠡᠳ ᠨᠡᠶᠢᠬᠡᠮ ᠤᠨ ᠡᠶ᠎ᠠ ᠵᠤᠬᠢᠴᠠᠯ ᠳᠤᠭᠳᠠᠭᠤᠨ ᠲᠠᠢ ᠬᠤᠯᠪᠤᠭᠳᠠᠬᠤ ᠬᠠᠮᠤᠭ ᠤᠨ ᠶᠡᠬᠡ ᠠᠮᠢᠵᠢᠷᠠᠭᠠᠨ ᠤ ᠳᠦᠰᠦᠯ ᠪᠤᠯᠬᠤ ᠶᠤᠮ᠃ 2015 ᠤᠨ ᠤ 4 ᠰᠠᠷ᠎ᠠ ᠶᠢᠨ 24 ᠤ ᠡᠳᠦᠷ᠂ ᠰᠢᠨ᠎ᠡ ᠪᠡᠷ ᠵᠠᠰᠠᠪᠤᠷᠢᠯᠠᠭᠰᠠᠨ 《ᠬᠦᠨᠡᠰᠦᠨ ᠤ ᠠᠶᠤᠯᠬᠦᠢ ᠶᠢᠨ ᠬᠠᠤᠯᠢ》 ᠨᠢ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠦᠷᠪᠡᠳᠦᠬᠡᠷ ᠬᠤᠷᠠᠯ ᠢᠶᠡᠷ ᠬᠢᠨᠠᠨ ᠪᠠᠳᠤᠯᠠᠭᠳᠠᠵᠤ᠂ 2015 ᠤᠨ ᠤ 10 ᠰᠠᠷ᠎ᠠ ᠶᠢᠨ 1 ᠤ ᠡᠳᠦᠷ ᠡᠴᠡ ᠠᠯᠪᠠᠨ ᠶᠤᠰᠤᠭᠠᠷ ᠬᠡᠷᠡᠭᠵᠢᠬᠦᠯᠦᠭᠳᠡᠵᠡᠢ᠃

    ᠢᠤᠢ ᠵᠢᠶᠠᠨ ᠹᠦ᠋ ᠶᠢᠨ ᠦᠵᠡᠬᠦ ᠪᠡᠷ᠂ 《ᠬᠦᠨᠡᠰᠦᠨ ᠤ ᠠᠶᠤᠯᠬᠦᠢ ᠶᠢᠨ ᠬᠠᠤᠯᠢ》ᠬᠡᠷᠡᠭᠵᠢᠬᠦᠯᠦᠭᠳᠡᠭᠰᠡᠨ ᠡᠴᠡ ᠨᠠᠭᠠᠰᠢ᠂ ᠤᠯᠤᠰ ᠤᠨ ᠳᠤᠳᠤᠭᠠᠳᠤ ᠶᠢᠨ ᠬᠦᠨᠡᠰᠦᠨ ᠤ ᠠᠶᠤᠯᠬᠦᠢ ᠶᠢᠨ ᠬᠠᠮᠢᠶᠠᠷᠤᠯᠳᠠ ᠨᠡᠯᠢᠶᠡᠳ ᠳᠦᠷᠢᠮᠵᠢᠵᠤ᠂ ᠬᠦᠨᠡᠰᠦᠨ ᠤ ᠠᠶᠤᠯᠬᠦᠢ ᠶᠢᠨ ᠬᠠᠤᠯᠢ ᠳᠤ ᠬᠤᠯᠪᠤᠭᠳᠠᠭᠰᠠᠨ ᠠᠵᠢᠯᠯᠠᠭ᠎ᠠ ᠳᠠᠰᠤᠷᠠᠯᠳᠠ ᠦᠬᠡᠢ ᠰᠢᠶ᠋ᠳᠪᠦᠷᠢᠯᠡᠭᠳᠡᠨ᠂ ᠵᠠᠷᠢᠮ ᠬᠡᠷᠡᠭ ᠤᠴᠢᠷ ᠢᠯᠡᠴᠢᠯᠡᠭᠳᠡᠵᠤ᠂ ᠬᠦᠨᠡᠰᠦᠨ ᠤ ᠠᠶᠤᠯᠬᠦᠢ ᠶᠢᠨ ᠪᠠᠶᠢᠳᠠᠯ ᠰᠠᠶᠢᠨ ᠬᠠᠨᠳᠤᠰᠢ ᠲᠠᠢ ᠪᠤᠯᠤᠭᠰᠠᠨ ᠪᠠᠶᠢᠨ᠎ᠠ᠃ ᠬᠡᠪᠡᠴᠤ ᠦᠷ᠎ᠡ ᠪᠦᠳᠦᠮᠵᠢ ᠪᠡᠨ ᠤᠯᠠᠮ ᠨᠢᠬᠡ ᠠᠯᠬᠤᠮ ᠪᠠᠳᠤᠵᠢᠭᠤᠯᠵᠤ᠂ ᠬᠦᠨᠡᠰᠦᠨ ᠤ ᠠᠶᠤᠯᠬᠦᠢ ᠶᠢᠨ ᠳᠠᠯ᠎ᠠ ᠪᠡᠷ ᠨᠡᠶᠢᠬᠡᠮ ᠲᠠᠶᠠᠭᠠᠷ ᠬᠠᠮᠳᠤᠪᠠᠷ ᠵᠠᠰᠠᠬᠤ ᠳᠤᠭᠳᠠᠯᠴᠠᠭ᠎ᠠ ᠶᠢ ᠳᠡᠬᠦᠯᠳᠡᠷᠵᠢᠬᠦᠯᠬᠦ ᠬᠡᠷᠡᠭᠳᠡᠢ᠃ ᠨᠢᠬᠡ ᠳᠤ᠂ ᠬᠦᠨᠡᠰᠦᠨ ᠤ ᠠᠶᠤᠯᠬᠦᠢ ᠶᠢᠨ ᠬᠠᠤᠯᠢ ᠳᠦᠷᠢᠮ ᠤᠨ ᠪᠠᠶᠢᠭᠤᠯᠤᠯᠳᠠ ᠶᠢ ᠦᠷᠬᠦᠯᠵᠢᠯᠡᠨ ᠳᠦᠷᠬᠡᠳᠬᠡᠬᠦ ᠴᠢᠬᠤᠯᠠ ᠲᠠᠢ; ᠬᠤᠶᠠᠷ ᠲᠤ᠂ ᠬᠦᠨᠡᠰᠦᠨ ᠤ ᠠᠶᠤᠯᠬᠦᠢ ᠶᠢᠨ ᠬᠠᠤᠯᠢ ᠬᠡᠷᠡᠭᠵᠢᠬᠦᠯᠬᠦ ᠴᠢᠳᠠᠪᠤᠷᠢ ᠪᠡᠨ ᠳᠡᠬᠡᠭᠰᠢᠯᠡᠬᠦᠯᠬᠦ ᠴᠢᠬᠤᠯᠠ ᠲᠠᠢ; ᠭᠤᠷᠪᠠ ᠳᠤ᠂ ᠬᠦᠨᠡᠰᠦᠨ ᠤ ᠠᠶᠤᠯᠬᠦᠢ ᠶᠢᠨ ᠬᠢᠨᠠᠨ ᠬᠠᠮᠢᠶᠠᠷᠤᠯᠳᠠ ᠶᠢᠨ ᠳᠤᠭᠳᠠᠯᠴᠠᠭ᠎ᠠ ᠶᠢ ᠳᠡᠬᠦᠯᠳᠡᠷᠵᠢᠬᠦᠯᠬᠦ ᠬᠡᠷᠡᠭᠳᠡᠢ; ᠳᠦᠷᠪᠡ ᠳᠤ᠂ ᠬᠦᠨᠡᠰᠦᠨ ᠤ ᠠᠶᠤᠯᠬᠦᠢ ᠶᠢᠨ ᠳᠠᠯ᠎ᠠ ᠪᠡᠷ ᠨᠡᠶᠢᠬᠡᠮ ᠲᠠᠶᠠᠭᠠᠷ ᠬᠠᠮᠳᠤᠪᠠᠷ ᠵᠠᠰᠠᠬᠤ ᠳᠤᠭᠳᠠᠯᠴᠠᠭ᠎ᠠ ᠶᠢ ᠳᠡᠬᠦᠯᠳᠡᠷᠵᠢᠬᠦᠯᠬᠦ ᠬᠡᠷᠡᠭᠳᠡᠢ ᠬᠡᠯ᠎ᠡ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120701120574810