蒙古文网站Logo
ᠰᠢᠨᠬᠤᠸᠠ ᠮᠤᠩᠭ᠋ᠤᠯ ᠨᠧᠲ

ᠬᠦᠧᠧ ᠯᠢ ᠡᠾᠦ᠋ᠩ ᠳᠦᠯᠦᠬᠡᠯᠡᠭᠴᠢ᠄ PPP ᠠᠮᠢᠵᠢᠷᠠᠭᠠᠨ ᠤ ᠳᠦᠰᠦᠯ ᠢᠷᠬᠡᠳ ᠢ ᠤᠯᠠᠮ ᠬᠠᠨᠤᠮᠵᠢᠳᠠᠢ ᠪᠤᠯᠭᠠᠵᠠᠢ

2017-03-06 11:57

ᠳᠦᠯᠦᠬᠡᠯᠡᠭᠴᠢ ᠬᠦᠧᠧ ᠯᠢ ᠡᠾᠦ᠋ᠩ

    ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠳᠦᠯᠦᠬᠡᠯᠡᠭᠴᠢ᠂ ᠦᠪᠦᠷ ᠮᠤᠩᠭᠤᠯ ᠤᠨ ᠤᠯᠠᠭᠠᠨᠬᠠᠳᠠ ᠬᠤᠳᠠ ᠶᠢᠨ ᠤᠯᠤᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ᠂ ᠤᠯᠠᠭᠠᠨᠬᠠᠳᠠ ᠳᠡᠬᠡᠳᠦ ᠰᠤᠷᠭᠠᠭᠤᠯᠢ ᠶᠢᠨ ᠫᠷᠤᠹᠧᠰᠰᠤᠷ ᠬᠦᠧᠧ ᠯᠢ ᠡᠾᠦ᠋ᠩ ᠰᠢᠨᠬᠤᠧᠠ ᠨᠧᠲ ᠤᠨ 《2017 ᠤᠨ ᠤ ᠪᠦᠬᠦ ᠤᠯᠤᠰ ᠤᠨ ᠬᠤᠶᠠᠷ ᠬᠤᠷᠠᠯ ᠤᠨ ᠳᠤᠰᠬᠠᠢ ᠶᠠᠷᠢᠯᠴᠠᠭ᠎ᠠ》 ᠶᠢᠨ ᠦᠷᠦᠬᠡᠨ ᠳᠤ ᠰᠠᠭᠠᠳᠠᠵᠤ ᠰᠤᠷᠪᠤᠯᠵᠢᠯᠠᠭ᠎ᠠ ᠬᠦᠯᠢᠶᠡᠯ᠎ᠡ᠃

    ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠯᠠᠭᠠᠨᠬᠠᠳᠠ ᠬᠤᠳᠠ ᠨᠢ 2015 ᠤᠨ ᠡᠴᠡ ᠡᠬᠢᠯᠡᠨ ᠵᠠᠰᠠᠭ ᠤᠨ ᠤᠷᠳᠤᠨ ᠪᠤᠯᠤᠨ ᠨᠡᠶᠢᠬᠡᠮ ᠤᠨ ᠪᠠᠶᠠᠯᠢᠭ ᠢ ᠬᠠᠮᠳᠤᠷᠠᠭᠤᠯᠤᠭᠰᠠᠨ ᠵᠠᠭᠪᠤᠷ (PPP) ᠢ᠋ ᠠᠰᠢᠭᠯᠠᠵᠤ ᠬᠦᠨᠵᠡᠬᠡᠢ ᠳᠡᠯᠬᠡᠷᠡᠬᠦᠯᠦᠭᠰᠡᠨ ᠢᠶᠡᠷ᠂ ᠨᠡᠶᠢᠬᠡᠮ ᠤᠨ ᠪᠠᠶᠠᠯᠢᠭ ᠤᠨ ᠡᠷᠴᠢ ᠬᠦᠴᠦᠨ ᠢ ᠪᠠᠳᠠᠷᠠᠭᠤᠯᠵᠤ᠂ ᠬᠤᠳᠠ ᠶᠢᠨ ᠡᠳ᠋ ᠤᠨ ᠵᠠᠰᠠᠭ ᠨᠡᠶᠢᠬᠡᠮ ᠤᠨ ᠬᠦᠭᠵᠢᠯᠳᠡ ᠶᠢᠨ ᠦᠳᠳᠡᠷ ᠬᠦᠭᠵᠢᠯᠳᠡ ᠶᠢ ᠶᠡᠬᠡᠪᠡᠷ ᠠᠬᠢᠭᠤᠯᠵᠤ ᠴᠢᠳᠠᠭᠰᠠᠨ ᠶᠤᠮ᠃ ᠤᠳᠤ ᠪᠤᠯᠳᠠᠯ᠎ᠠ ᠤᠯᠠᠭᠠᠨᠬᠠᠳᠠ ᠬᠤᠳᠠ ᠨᠢ 251 ᠳᠦᠰᠦᠯ ᠢ ᠰᠠᠩᠬᠦᠦ ᠡᠳ᠋ ᠤᠨ ᠵᠠᠰᠠᠭ ᠤᠨ PPP ᠮᠡᠳᠡᠬᠡ ᠮᠡᠳᠡᠬᠡᠯᠡᠯ ᠤᠨ ᠠᠯᠪᠠᠨ ᠳᠠᠪᠴᠠᠩ ᠳᠤ ᠪᠦᠷᠢᠳᠬᠡᠬᠦᠯᠵᠤ᠂ 1666.1 ᠳ᠋ᠦᠩᠰᠢᠭᠤᠷ ᠳᠦᠬᠦᠷᠢᠭ᠌ ᠤᠨ ᠶᠡᠷᠦᠩᠬᠡᠢ ᠬᠦᠷᠦᠩᠬᠡ ᠤᠷᠤᠭᠤᠯᠤᠭᠰᠠᠨ ᠪᠠᠶᠢᠨ᠎ᠠ᠃

    ᠬᠦᠧᠧ ᠯᠢ ᠡᠾᠦ᠋ᠩ ᠰᠤᠷᠪᠤᠯᠵᠢᠯᠠᠭ᠎ᠠ ᠬᠦᠯᠢᠶᠡᠬᠦ ᠳᠤ ᠪᠡᠨ᠂ ᠰᠡᠬᠦᠯ ᠤᠨ ᠵᠢᠯ ᠤᠳ ᠲᠤ ᠤᠯᠠᠭᠠᠨᠬᠠᠳᠠ ᠬᠤᠳᠠ ᠡᠴᠡ ᠬᠡᠷᠡᠭᠵᠢᠬᠦᠯᠵᠤ ᠪᠠᠶᠢᠭ᠎ᠠ PPP ᠳᠦᠰᠦᠯ ᠨᠢ ᠴᠦᠮ ᠵᠠᠬ᠎ᠠ ᠵᠡᠬᠡᠯᠢ ᠳᠤ ᠳᠤᠯᠭᠠᠮ᠎ᠠ ᠱᠠᠭᠠᠷᠳᠠᠭᠳᠠᠵᠤ ᠪᠠᠶᠢᠭ᠎ᠠ ᠢᠷᠬᠡᠳ ᠤᠨ ᠠᠮᠢᠵᠢᠷᠠᠭᠠᠨ ᠤ ᠳᠦᠰᠦᠯ ᠤᠳ ᠪᠤᠯᠬᠤ ᠶᠤᠮ᠂ ᠨᠢᠬᠡᠨᠳᠡ ᠤᠯᠤᠰ ᠤᠨ ᠵᠡᠷᠬᠡᠯᠡᠯ ᠳᠤ ᠬᠠᠮᠤᠷᠤᠭᠳᠠᠭᠰᠠᠨ ᠦᠯᠢᠬᠡᠷ ᠵᠢᠱᠢᠶ᠎ᠡ ᠳᠦᠰᠦᠯ 8 ᠪᠤᠢ᠂ ᠳᠡᠳᠡᠬᠡᠷ ᠨᠢ᠄ ᠰᠠᠨ ᠰᠦᠧᠧ ᠳ᠋ᠢᠶᠠᠨ ᠴᠦᠬᠦᠷᠦᠮ ᠳᠤ ᠤᠰᠤ ᠬᠠᠩᠭᠠᠬᠤ ᠢᠨᠵᠧᠨᠧᠷᠢᠩ᠂ ᠳᠦᠪ ᠬᠤᠳᠠ ᠶᠢᠨ ᠪᠦᠰᠡ ᠳ᠋ᠡᠬᠢ ᠤᠰᠤᠨ ᠠᠰᠢᠭᠯᠠᠯᠳᠠ ᠶᠢᠨ ᠢᠵᠢ ᠪᠦᠷᠢᠨ ᠬᠤᠭᠤᠯᠠᠢ ᠶᠢᠨ ᠢᠨᠵᠧᠨᠧᠷᠢᠩ᠂ ᠳᠦᠪ ᠬᠤᠳᠠ ᠶᠢᠨ ᠪᠦᠰᠡ ᠳ᠋ᠡᠬᠢ ᠦᠶᠡᠷ ᠢ ᠰᠡᠷᠬᠡᠶᠢᠯᠡᠬᠦ ᠪᠤᠯᠤᠨ ᠬᠤᠳᠠ ᠳᠤᠭᠤᠷᠢᠭᠰᠠᠨ ᠤᠰᠤᠨ ᠰᠢᠰᠲ᠋ᠧᠮ ᠤᠨ ᠵᠠᠰᠠᠯᠳᠠ ᠶᠢᠨ ᠢᠨᠵᠧᠨᠧᠷᠢᠩ᠂ ᠳᠦᠪ ᠬᠤᠳᠠ ᠶᠢᠨ ᠪᠦᠰᠡ ᠳ᠋ᠡᠬᠢ ᠬᠠᠶᠠᠭᠳᠠᠮᠠᠯ ᠪᠤᠳᠠᠰ ᠢ ᠰᠢᠳᠠᠭᠠᠵᠤ ᠴᠠᠬᠢᠯᠭᠠᠨ ᠭᠠᠷᠭᠠᠬᠤ᠂ ᠬᠤᠩᠱᠠᠨ ᠳᠡᠬᠦᠷᠬᠡ ᠶᠢᠨ ᠬᠤᠳᠠ ᠵᠠᠰᠠᠭ ᠤᠨ ᠵᠠᠮ ᠬᠦᠤᠷ ᠤᠨ ᠪᠠᠶᠢᠭᠤᠯᠤᠯᠳᠠ᠂ ᠰᠦᠩᠱᠠᠨ ᠳᠡᠬᠦᠷᠬᠡ ᠶᠢᠨ ᠰᠦᠩᠪᠧᠢ ᠰᠢᠨ᠎ᠡ ᠬᠤᠳᠠ ᠶᠢᠨ ᠶᠡᠷᠦᠩᠬᠡᠶᠢᠯᠡᠭᠰᠡᠨ ᠤᠷᠳᠤᠨ ᠳᠠᠯᠠᠪᠠᠢ᠂ ᠬᠡᠰᠢᠭᠳᠡᠨ ᠬᠤᠰᠢᠭᠤᠨ ᠤ ᠳᠦᠷᠬᠡᠨ ᠤ ᠠᠦ᠋ᠲ᠋ᠣ᠋ ᠵᠠᠮ᠂ ᠬᠠᠷᠠᠴᠢᠨ ᠬᠤᠰᠢᠭᠤᠨ ᠤ 306 ᠤᠯᠤᠰ ᠤᠨ ᠵᠠᠮ ᠤᠨ ᠮᠦᠧᠧ ᠵᠢᠶᠠ ᠳ᠋ᠢᠶᠠᠨ - ᠯᠢᠦ ᠵᠢᠶᠠ ᠶᠢᠩᠽᠢ ᠬᠤᠭᠤᠷᠤᠨᠳᠤ ᠶᠢᠨ ᠪᠠᠷᠢᠯᠭ᠎ᠠ ᠵᠡᠷᠬᠡ ᠪᠤᠯᠤᠨ᠎ᠠ ᠬᠡᠵᠡᠢ᠃

    ᠳᠡᠷᠡᠪᠡᠷ ᠪᠠᠰᠠ᠂ ᠳᠦᠰᠦᠯ ᠤᠳ ᠬᠡᠷᠡᠭᠵᠢᠬᠦᠯᠦᠭᠳᠡᠵᠤ ᠡᠬᠢᠯᠡᠬᠦ ᠶᠢ ᠳᠠᠭᠠᠯᠳᠤᠨ ᠤᠯᠠᠭᠠᠨᠬᠠᠳᠠ ᠬᠤᠳᠠ ᠶᠢᠨ ᠤᠷᠴᠢᠨ ᠠᠬᠤᠢ ᠤᠯᠠᠮ ᠭᠤᠶᠤ ᠳᠤᠬᠢᠯᠢᠭ ᠪᠤᠯᠵᠤ᠂ ᠢᠷᠬᠡᠳ ᠴᠤ ᠤᠯᠠᠮ ᠬᠠᠨᠤᠮᠵᠢᠳᠠᠢ ᠪᠤᠯᠵᠠᠢ᠃ ᠬᠤᠳᠠ ᠶᠢᠨ ᠨᠡᠷ᠎ᠡ ᠨᠦᠯᠦᠬᠡ ᠬᠢᠬᠡᠳ ᠳᠠᠳᠠᠬᠤ ᠬᠦᠴᠦᠨ ᠨᠡᠮᠡᠭᠳᠡᠵᠤ᠂ ᠠᠶᠠᠯᠠᠵᠤ ᠵᠤᠷᠴᠢᠬᠤ ᠬᠦᠮᠦᠰ ᠪᠤᠯᠤᠨ ᠡᠳ᠋ ᠪᠤᠳᠠᠰ ᠤᠨ ᠬᠦᠢᠯᠬᠡᠬᠡ ᠨᠡᠮᠡᠭᠳᠡᠪᠡ᠃ ᠡᠶᠢᠮᠤ ᠡᠴᠡ ᠤᠯᠠᠭᠠᠨᠬᠠᠳᠠ ᠬᠤᠳᠠ ᠶᠢᠨ PPP ᠳᠦᠰᠦᠯ ᠤᠨ ᠠᠮᠵᠢᠯᠳᠠ ᠪᠦᠳᠦᠮᠵᠢ ᠨᠢ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠠᠬᠢᠭᠤᠯᠬᠤ ᠳᠤ ᠶᠠᠭᠠᠬᠢᠬᠤ ᠶᠢᠨ ᠠᠷᠭ᠎ᠠ ᠦᠬᠡᠢ ᠬᠤᠪᠢ ᠨᠡᠮᠡᠷᠢᠯᠡᠭᠰᠡᠨ ᠬᠡᠵᠤ ᠬᠡᠯᠡᠵᠤ ᠪᠤᠯᠬᠤ ᠶᠤᠮ ᠬᠡᠵᠡᠢ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120701120575900